ᠬᠤᠭᠤᠷ ᠤᠨ ᠡᠬᠡᠰᠢᠭ ᠲᠠᠢ ᠬᠤᠪᠢ ᠵᠠᠶᠠᠭ᠎ᠠ ᠪᠠᠨ ᠬᠤᠯᠪᠤᠬᠰᠠᠨ ᠳᠠᠷᠬᠠᠨ ᠤᠷᠠᠯᠢᠬᠴᠢᠨ
ᠨᠡᠶᠢᠲᠡᠯᠡᠭᠰᠡᠨ ᠴᠠᠭ᠄
2018/7/4
        ᠰᠤᠷᠪᠤᠯᠵᠢᠯᠠᠭᠴᠢ ᠤᠢᠢᠷ᠎ᠠ ᠶᠢᠨ ᠡᠳᠦᠷ ᠤᠷᠠᠳ ᠤᠨ ᠬᠤᠶᠢᠳᠤ ᠬᠤᠰᠢᠭᠤᠨ ᠤ ᠤᠯᠠᠭᠠᠨᠮᠦ᠋ᠴᠢᠷ ᠤᠨ ᠠᠬᠠᠮᠠᠳ ᠳᠤᠬᠯᠠᠬᠴᠢ ᠪᠠᠳᠤᠨᠠᠰᠤᠨ ᠤ ᠡᠷᠬᠢᠯᠡᠭᠰᠡᠨ ︽ᠬᠠᠨᠠᠨ ᠴᠤᠤᠷᠢᠶ᠎ᠠ︾ ᠪᠠᠭᠠᠴᠤᠳ ᠭᠡᠦᠭᠡᠳ ᠤᠨ ᠮᠤᠷᠢᠨ ᠬᠤᠭᠤᠷ ᠤᠨ ᠠᠩᠭᠢ ᠳᠤ ᠬᠦᠷᠬᠦ ᠳᠤ ᠪᠠᠳᠤᠨᠠᠰᠤᠨ ᠶᠠᠬ ᠬᠡᠤᠬᠡᠳ ᠤᠳ ᠲᠡᠭᠡᠨ ᠮᠤᠷᠢᠨ ᠬᠤᠭᠤᠷ ᠤᠨ ᠮᠡᠷᠬᠡᠰᠢᠯ ᠵᠢᠭᠠᠭᠠᠳ ᠶᠠᠭᠠᠷᠠᠵᠤ ᠪᠠᠶᠢᠯ᠎ᠠ᠃         ᠤᠷᠠᠳ ᠨᠤᠳᠤᠭ ᠤᠨ ᠤᠯᠠᠭᠠᠨᠮᠦ᠋ᠴᠢᠷ ᠤᠨ ᠠᠬᠠᠮᠠᠳ ᠲᠤᠭᠯᠠᠭᠴᠢ ᠪᠠᠳᠤᠨᠠᠰᠤᠨ ᠭᠡᠳᠦ᠋ᠢᠪᠡᠷ ᠤᠯᠠᠭᠠᠨᠮᠦ᠋ᠴᠢᠷ ᠤᠨ ᠠᠵᠢᠯ ᠠᠴᠠ ᠪᠠᠨ ᠤᠷᠢᠳᠴᠢᠯᠠᠨ ᠠᠮᠠᠷᠠᠭᠰᠠᠨ ᠪᠤᠯᠪᠠᠴᠤ ᠦᠰᠪᠤᠷᠢ ᠶᠢᠨ ᠪᠠᠭᠠᠴᠤᠳ ᠭᠡᠦᠭᠡᠳ ᠠᠴᠠ ᠦᠳᠡᠯᠦᠭᠡ ᠪᠤᠭᠤᠷᠤᠯ ᠨᠠᠰᠤᠳᠠᠶᠢᠴᠤᠳ ᠲᠤ ᠦᠨᠳᠤᠰᠤᠳᠡᠨ ᠤ ᠪᠠᠨ ᠤᠯᠠᠮᠵᠢᠯᠠᠯᠳᠤ ᠮᠤᠷᠢᠨ ᠬᠤᠭᠤᠷ ᠢ ᠵᠢᠭᠠᠨ ᠰᠤᠷᠭᠠᠵᠤ ᠦᠪᠯᠡᠨ ᠤᠯᠠᠮᠵᠢᠯᠠᠭᠤᠯᠬᠤ ᠠᠵᠢᠯ ᠤᠨ ᠰᠢᠨ᠎ᠡ ᠠᠶᠠᠨ ᠳᠠᠭᠠᠨ ᠢᠳᠡᠭᠡᠯ ᠲᠦᠭᠦᠷᠡᠩ ᠭᠠᠪᠰᠢᠭᠠᠶᠢᠯᠠᠨ᠎ᠠ᠃        ᠪᠠᠳᠤᠨᠠᠰᠤᠨ 1980 ᠣᠨ ᠳᠤ 15 ᠲᠠᠢ ᠳᠠᠭᠠᠨ ᠤᠷᠠᠳ ᠤᠨ ᠬᠤᠶᠢᠳᠤ ᠬᠤᠰᠢᠭᠤᠨ ᠤ ᠤᠯᠠᠭᠠᠨᠮᠦ᠋ᠴᠢᠷ ᠲᠤ ᠮᠤᠷᠢᠨ ᠬᠤᠭᠤᠷᠴᠢᠨ ᠢᠶᠠᠷ ᠡᠯᠰᠡᠭᠳᠡᠵᠤ᠂ ᠮᠤᠷᠢᠨ ᠬᠤᠭᠤᠷ   ᠤᠨ ᠢᠶᠠᠨ ᠬᠤᠶᠠᠷ ᠤᠳᠠᠰᠤ ᠲᠠᠢ ᠠᠳᠠᠯᠢ ᠪᠠᠷ ᠦᠪᠡᠷ   ᠤᠨ ᠢᠶᠠᠨ ᠬᠤᠪᠢ ᠵᠠᠶᠠᠭ᠎ᠠ ᠶᠢ ᠲᠠᠭᠤᠤ ᠭᠦᠭᠵᠢᠮ ᠲᠠᠢ ᠨᠢᠠᠠᠳᠠ ᠬᠤᠯᠪᠤᠵᠤ᠂ ᠤᠯᠠᠨ ᠵᠢᠯ ᠤᠨ ᠲᠤᠷᠰᠢ ᠬᠤᠭᠤᠷ ᠭᠦᠭᠵᠢᠮ ᠢᠶᠠᠷ ᠮᠠᠯᠴᠢᠨ ᠲᠦᠮᠡᠨ ᠢᠶᠠᠨ ᠪᠠᠶᠠᠰᠬᠠᠨ᠂ ᠤᠷᠠᠯᠢᠭ ᠤᠨ ᠵᠠᠮ ᠢᠶᠠᠨ ᠡᠯᠭᠦᠵᠠᠢ᠃        ᠪᠠᠳᠤᠨᠠᠰᠤᠨ ᠰᠤᠷᠪᠤᠯᠵᠢᠯᠠᠬᠴᠢ ᠳᠤ᠄ ︽ᠲᠡᠷᠡ ᠦᠶ᠎ᠡ ᠶᠢᠨ ᠠᠵᠢᠯ ᠬᠠᠳᠠᠭᠤ᠂ ᠡᠭᠦᠷᠭᠡ ᠴᠢᠩᠭ᠎ᠠ᠂ ᠡᠭᠦᠷᠭᠡ ᠪᠠᠨ ᠵᠠᠪᠠᠯ ᠪᠡᠶᠡᠯᠡᠭᠦᠯᠦᠭᠰᠡᠨ ᠪᠠᠶᠢᠬᠤ ᠭᠡᠷᠡᠭᠳᠠᠢ᠂ ᠲᠤᠷᠤᠭᠰᠢ ᠶᠠᠪᠤᠬᠤ ᠳᠤ ᠭᠠᠭᠴᠠᠬᠠᠨ ᠵᠢᠶ᠋ᠶᠧ ᠹᠠᠩ ᠲᠡᠷᠭᠡ ᠲᠠᠢ᠂ ᠡᠭᠦᠨ ᠤ ᠲᠡᠭᠡᠷ᠎ᠡ ᠪᠠᠨ ᠦᠪᠡᠷ ᠦᠪᠡᠷ   ᠤᠨ ᠢᠶᠠᠨ ᠤᠷᠤ ᠭᠦᠨᠵᠢᠯ᠎ᠡ ᠪᠠᠨ ᠠᠪᠤᠨ᠎ᠠ᠂ ᠬᠠᠮᠢᠭ᠎ᠠ ᠤᠴᠢᠪᠠᠯ ᠬᠠᠮᠢᠭ᠎ᠠ᠂ ᠭᠡᠷ ᠲᠤᠭᠢᠷᠠᠪᠠᠯ ᠭᠡᠷ ᠲᠤ ᠬᠤᠨᠤᠨ᠎ᠠ᠂ ᠭᠡᠷ ᠲᠤᠭᠢᠷᠠᠬᠤ ᠦᠭᠡᠢ ᠪᠤᠯ ᠤᠷᠤ ᠭᠦᠨᠵᠢᠯ᠎ᠡ ᠪᠠᠨ ᠡᠭᠦᠷᠦᠭᠡᠳ ᠭᠦᠳᠡᠭᠡ ᠭᠠᠳᠠᠨ᠎ᠠ ᠤᠴᠢᠵᠤ ᠬᠤᠨᠤᠨ᠎ᠠ᠂ ᠢᠩᠭᠢᠵᠤ ᠭᠦᠳᠡᠭᠡ ᠭᠠᠳᠠᠨ᠎ᠠ ᠬᠤᠨᠤᠳᠠᠬ ᠪᠤᠯᠪᠠᠴᠤ ᠵᠢᠭᠳᠡᠶᠢᠭᠡᠨ ᠪᠠᠶᠠᠷᠳᠠᠢ ᠪᠠᠶᠢᠬᠰᠠᠨ᠂ ᠵᠢᠯ ᠳᠡᠭᠡᠨ ᠪᠠᠷᠤᠭ ᠭᠦᠳᠡᠭᠡ ᠪᠠᠷ ᠶᠠᠪᠤᠨ᠎ᠠ᠂ ᠰᠤᠶᠤᠯ ᠤᠨ ᠲᠡᠷᠭᠡ ᠭᠡᠵᠤ ᠲᠤᠷᠤᠭᠰᠢ ᠪᠠᠨ ᠪᠠᠭᠤᠪᠠᠯ ᠭᠤᠷᠪᠠᠨ ᠠᠶᠢᠯ ᠠᠴᠠ ᠲᠡᠭᠡᠭᠰᠢ ᠪᠠᠶᠢᠪᠠᠯ ᠤᠳᠤ ᠵᠠᠪᠠᠯ ᠤᠴᠢᠨ᠎ᠠ᠂ ᠲᠡᠷᠡ ᠦᠶ᠎ᠠ ᠮᠠᠨ ᠤ ᠤᠯᠠᠭᠠᠨᠮᠦ᠋ᠴᠢᠷ ᠤᠨ ᠭᠦᠮᠦᠨ ᠴᠦᠭᠡᠨ᠂ ᠲᠤᠯᠤᠭ᠎ᠠ ᠨᠡᠢᠮᠠᠨ ᠭᠦᠮᠦᠨ᠂ ᠢᠩᠭᠢᠭᠡᠳ ᠬᠠᠭᠠᠰ ᠴᠠᠭ ᠤᠨ ᠲᠤᠭᠯᠠᠯᠳᠠ ᠭᠠᠷᠭᠠᠨ᠎ᠠ᠂ ᠠᠷᠤ ᠠᠴᠠ ᠨᠢ ᠨᠤᠮ ᠰᠡᠳᠭᠦᠯ ᠲᠡᠯᠭᠡᠨ ᠦᠵᠡᠭᠦᠯᠦᠨ᠎ᠡ᠂ ᠦᠰᠦ ᠭᠡᠵᠢᠭᠡ ᠶᠢ ᠨᠢ ᠵᠠᠰᠠᠨ᠎ᠠ᠂ ᠮᠠᠯᠴᠢᠳ ᠤᠨ  ᠶᠠᠮᠠᠷ ᠴᠢᠬᠤᠯᠠᠳᠠᠢ ᠠᠵᠢᠯ ᠪᠠᠶᠢᠪᠠᠯ ᠬᠠᠪᠰᠤᠷᠤᠨ ᠬᠢᠵᠤ᠂ ᠤᠰᠤ ᠲᠦᠯᠡᠭᠡ ᠵᠦᠭᠡᠭᠡᠭᠦ ᠵᠡᠷᠭᠡ ᠠᠶᠢᠯ ᠤᠨ ᠠᠵᠢᠯ ᠢ ᠬᠠᠪᠰᠤᠷᠴᠤ ᠭᠢᠨ᠎ᠡ᠂ ᠤᠷᠤᠢ ᠪᠤᠯ ᠺᠢᠨᠣ᠋ ᠭᠠᠷᠭᠠᠨ᠎ᠠ᠂ ᠢᠩᠭᠢᠭᠡᠳ ᠨᠢᠭᠡ ᠤᠳᠠᠭ᠎ᠠ ᠶᠠᠪᠤᠬᠤ ᠳᠤ ᠪᠠᠷᠤᠭ 20 ᠭᠡᠳᠤᠨ ᠡᠳᠤᠷ ᠶᠠᠪᠤᠨ᠎ᠠ ᠁︾ ᠬᠡᠵᠦ ᠦᠩᠬᠡᠷᠡᠭᠰᠡᠨ ᠢᠶᠠᠨ ᠡᠷᠬᠢᠴᠡᠬᠦᠯᠦᠨ᠎ᠠ᠃        ᠲᠤᠬᠠᠢ ᠶᠢᠨ ᠦᠶ᠎ᠡ ᠶᠢᠨ ᠤᠯᠠᠭᠠᠨᠮᠦ᠋ᠴᠢᠷ ᠭᠡᠭᠴᠢ ᠲᠤᠭᠯᠠᠭᠴᠢ ᠴᠦᠭᠡᠨ ᠤᠴᠢᠷ ᠠᠴᠠ ᠭᠦᠮᠦᠨ ᠪᠤᠯᠭᠠᠨ ᠢ ᠨᠢᠭᠡ ᠵᠦᠢᠯ ᠳᠤ ᠮᠡᠷᠭᠡᠰᠢᠵᠤ᠂ ᠤᠯᠠᠨ ᠲᠠᠯ᠎ᠠ ᠴᠠᠭᠠᠷᠠᠬᠤ ᠶᠢ ᠱᠠᠭᠠᠷᠳᠠᠵᠤ ᠪᠠᠶᠢᠳᠠᠭ ᠪᠤᠯᠬᠤᠷ ᠪᠠᠳᠤᠨᠠᠰᠤᠨ ᠪᠡᠶ᠎ᠡ ᠳᠡᠭᠡᠨ ᠴᠢᠩᠭ᠎ᠠ ᠱᠠᠭᠠᠷᠳᠠᠯᠭ᠎ᠠ ᠲᠠᠯᠪᠢᠵᠤ ᠰᠢᠷᠭᠠᠭᠤ ᠬᠠᠳᠠᠭᠤᠵᠢᠯᠳᠠᠢ ᠰᠤᠷᠴᠤ ᠪᠤᠯᠪᠠᠰᠤᠷᠠᠳᠠᠭ   ᠢᠶᠠᠷ ᠢᠶᠠᠨ ᠮᠤᠷᠢᠨ ᠬᠤᠭᠤᠷ ᠢᠶᠠᠨ ᠲᠠᠳᠠᠬᠤ ᠠᠴᠠ ᠭᠠᠳᠠᠨ᠎ᠠ ᠬᠤᠶᠠᠷ ᠤᠳᠠᠰᠤᠳᠤ ᠬᠤᠭᠤᠷ᠂ ᠲᠦᠷᠪᠡᠨ ᠤᠳᠠᠰᠤᠳᠤ ᠬᠤᠭᠤᠷ᠂ ᠶᠠᠩᠴᠢᠩ ᠵᠡᠷᠭᠡ ᠳᠤ ᠴᠠᠭᠠᠷᠠᠬᠤ ᠶᠢᠨ ᠬᠠᠮᠳᠤ ᠪᠠᠰᠠ ᠲᠠᠭᠤᠨ ᠤ ᠠᠶ᠎ᠠ᠂ ᠪᠦᠵᠢᠭ ᠤᠨ ᠠᠶ᠎ᠠ ᠵᠤᠭᠢᠶᠠᠨ ᠪᠦᠳᠦᠭᠡᠭᠦ ᠲᠠᠯ᠎ᠠ ᠪᠠᠷ ᠮᠡᠷᠭᠡᠰᠢᠵᠤ᠂ ᠤᠳᠠᠯ ᠦᠭᠡᠢ ᠤᠯᠠᠭᠠᠨᠮᠦ᠋ᠴᠢᠷ   ᠤᠨ ᠢᠶᠠᠨ ᠭᠤᠤᠯ ᠲᠤᠭᠯᠠᠭᠴᠢ ᠨᠢ ᠪᠤᠯᠵᠠᠢ᠃        ᠪᠠᠳᠤᠨᠠᠰᠤᠨ 30 ᠭᠠᠷᠤᠢ ᠵᠢᠯ ᠦᠨᠳᠤᠰᠤᠨ ᠱᠠᠳᠤᠨ ᠤ ᠤᠯᠠᠭᠠᠨᠮᠦ᠋ᠴᠢᠷ ᠲᠤ ᠠᠵᠢᠯᠯᠠᠬᠰᠠᠨ ᠬᠤᠭᠤᠴᠠᠭᠠᠨ ᠳᠠᠭᠠᠨ ︽ᠨᠠᠭᠠᠳᠤᠮ ᠳᠤ ᠶᠠᠪᠤᠬᠤ︾᠂ ︽ᠭᠤᠪᠢ ᠶᠢᠨ ᠤᠯᠠᠭᠠᠨ ᠲᠡᠮᠡᠭᠡ︾᠂ ︽ᠵᠠᠭ ᠤᠨ ᠤᠢ︾ ᠵᠡᠷᠭᠡ 80 ᠭᠠᠷᠤᠢ ᠲᠠᠭᠤᠤ ᠪᠦᠵᠢᠭ ᠤᠨ ᠠᠶ᠎ᠠ ᠵᠤᠭᠢᠶᠠᠨ ᠪᠦᠳᠦᠭᠡᠵᠤ᠂ 20 ᠭᠠᠷᠤᠢ ᠪᠦᠳᠦᠭᠡᠯ ᠨᠢ ᠪᠠᠶᠠᠨᠨᠠᠭᠤᠷ ᠬᠤᠳᠠ ᠶᠢᠨ ︽ᠲᠠᠪᠦ‍ ᠨᠢᠭᠡ ᠶᠢᠨ ᠢᠨᠵᠧᠨᠧᠷᠢᠩ︾ ᠤᠨ ᠱᠠᠩᠨᠠᠯ ᠢ ᠲᠤᠰᠴᠤ᠂ ᠦᠨᠳᠤᠰᠤᠳᠡᠨ ᠤ ᠪᠠᠨ ᠰᠤᠶᠤᠯ ᠤᠷᠠᠯᠢᠭ ᠤᠨ ᠤᠶᠢᠯᠡᠰ ᠤᠨ ᠭᠦᠭᠵᠢᠯᠳᠡ ᠳᠤ ᠨᠡᠮᠡᠷᠢ ᠬᠠᠨᠳᠢᠪ ᠢᠶᠠᠨ ᠬᠠᠷᠠᠮ ᠦᠭᠡᠢ ᠦᠵᠡᠭᠦᠯᠦᠭᠰᠡᠭᠡᠷ ᠢᠷᠡᠵᠠᠢ᠃        2010 ᠣᠨ ᠳᠤ ᠪᠠᠳᠤᠨᠠᠰᠤᠨ ᠬᠤᠰᠢᠭᠤᠨ ᠤ ᠪᠠᠨ ᠰᠤᠶᠤᠯ ᠷᠠᠳᠢᠣ᠋ ᠲᠧᠯᠸᠢᠰ ᠤᠨ ᠲᠤᠪᠴᠢᠶᠠᠨ ᠳᠤ ᠠᠵᠢᠯ ᠰᠢᠯᠵᠢᠵᠤ᠂ ᠦᠨᠳᠤᠰᠤᠨ ᠳᠡᠭᠡᠨ ᠤᠷᠢᠳᠴᠢᠯᠠᠨ ᠠᠵᠢᠯ ᠤᠨ ᠠᠮᠠᠷᠠᠯᠳᠠ ᠪᠠᠨ ᠠᠪᠤᠭᠰᠠᠨ ᠪᠠᠶᠢᠪᠠ᠃        ᠭᠡᠪᠡᠴᠤ ᠲᠡᠷᠡ ︽ᠵᠦᠭᠡᠷ ᠰᠠᠭᠤᠬᠤ ᠠᠴᠠ ᠵᠦᠯᠭᠦᠵᠦ ᠰᠠᠭᠤ︾ ᠭᠡᠭᠴᠢ ᠪᠠᠷ ᠠᠮᠢᠨ ᠬᠠᠶᠢᠷᠠᠳᠠᠢ ᠮᠤᠷᠢᠨ ᠬᠤᠭᠤᠷ ᠤᠨ ᠤᠶᠢᠯᠡᠰ ᠢᠶᠠᠨ ᠬᠤᠶᠢᠴᠢ ᠦᠶ᠎ᠡ ᠶᠢᠨ ᠬᠢᠨ ᠳᠡᠭᠡᠨ ᠦᠪᠯᠡᠨ ᠤᠯᠠᠮᠵᠢᠯᠠᠵᠤ ᠦᠭᠭᠦ ᠠᠯᠤᠰ ᠤᠨ ᠪᠤᠳᠤᠯ ᠳᠤ ᠭᠦᠳᠦᠯᠦᠭᠳᠡᠨ᠂ ︽ᠬᠠᠨᠠᠨ ᠴᠤᠤᠷᠢᠶ᠎ᠠ︾ ᠪᠠᠭᠠᠴᠤᠳ ᠭᠡᠦᠭᠡᠳ ᠤᠨ ᠮᠤᠷᠢᠨ ᠬᠤᠭᠤᠷ ᠤᠨ ᠠᠩᠭᠢ ᠢ ᠡᠷᠭᠢᠯᠡᠨ᠂ ᠦᠪᠤᠷ ᠮᠤᠩᠭᠤᠯ ᠤᠨ ᠶᠡᠭᠡ ᠰᠤᠷᠭᠠᠭᠤᠯᠢ᠂ ᠲᠦᠪ ᠤᠨ ᠦᠨᠳᠤᠰᠤᠳᠡᠨ ᠤ ᠶᠡᠭᠡ ᠰᠤᠷᠭᠠᠭᠤᠯᠢ ᠵᠡᠷᠭᠡ ᠶᠡᠭᠡ ᠲᠡᠭᠡᠳᠤ ᠰᠤᠷᠭᠠᠭᠤᠯᠢ ᠳᠤ ᠤᠷᠢᠳ ᠬᠤᠵᠢᠳ 10 ᠭᠠᠷᠤᠢ ᠭᠡᠦᠭᠡᠳ ᠢ ᠮᠤᠷᠢᠨ ᠬᠤᠭᠤᠷ ᠤᠨ ᠲᠤᠰᠬᠠᠢ ᠮᠡᠷᠭᠡᠵᠢᠯ ᠢᠶᠠᠷ ᠰᠢᠯᠭᠠᠨ ᠤᠷᠤᠭᠤᠯᠤᠭᠰᠠᠨ ᠪᠠᠶᠢᠨ᠎ᠠ᠃        2014 ᠣᠨ ᠳᠤ ᠪᠠᠳᠤᠨᠠᠰᠤᠨ ᠪᠠᠶᠠᠨᠨᠠᠭᠤᠷ ᠬᠤᠳᠠ ᠶᠢᠨ ᠨᠠᠰᠤᠳᠠᠶᠢᠴᠤᠳ ᠤᠨ ᠶᠡᠭᠡ ᠰᠤᠷᠭᠠᠭᠤᠯᠢ ᠳᠤ ᠮᠤᠷᠢᠨ ᠬᠤᠭᠤᠷ ᠤᠨ ᠪᠠᠭᠰᠢ ᠪᠠᠷ ᠵᠠᠯᠠᠭᠳᠠᠵᠤ᠂ ᠦᠰᠪᠤᠷᠢ ᠶᠢᠨ ᠪᠠᠭᠠᠴᠤᠳ ᠲᠤ ᠵᠢᠭᠠᠵᠤ ᠪᠠᠶᠢᠭᠰᠠᠨ ᠠᠴᠠ ᠪᠠᠨ ᠦᠳᠡᠯᠦᠭᠡ ᠪᠤᠭᠤᠷᠤᠯᠴᠤᠳ ᠲᠤ ᠮᠤᠷᠢᠨ ᠬᠤᠭᠤᠷ ᠰᠤᠷᠭᠠᠬᠤ ᠬᠠᠳᠠᠭᠤ ᠡᠭᠦᠷᠭᠡ ᠶᠢ ᠡᠭᠦᠷᠭᠡᠯᠡᠵᠤ ᠠᠪᠤᠭᠠᠳ ᠤᠳᠤ ᠪᠤᠯᠬᠤ ᠳᠤ ᠨᠢᠭᠡᠨᠳᠡ 80 ᠭᠠᠷᠤᠢ ᠰᠤᠷᠤᠭᠴᠢ ᠲᠠᠢ ᠪᠤᠯᠵᠤ᠂ ᠡᠨᠡᠭᠦ ᠨᠠᠰᠤᠳᠠᠶᠢᠴᠤᠳ ᠤᠨ ᠮᠤᠷᠢᠨ ᠬᠤᠭᠤᠷ ᠤᠨ ᠠᠩᠭᠢ ᠨᠢ ᠪᠠᠶᠠᠨᠨᠠᠭᠤᠷ ᠬᠤᠳᠠ ᠶᠢᠨ ᠡᠯ᠎ᠡ ᠵᠦᠢᠯ ᠤᠨ ᠰᠤᠶᠤᠯ ᠤᠷᠠᠯᠢᠭ ᠤᠨ ᠭᠦᠳᠡᠯᠭᠡᠭᠡᠨ ᠳᠤ ᠢᠳᠡᠪᠭᠢᠳᠠᠢ ᠤᠷᠤᠯᠴᠡᠨ᠂ ᠨᠡᠶᠢᠭᠡᠮ ᠨᠡᠶᠢᠳᠡ ᠶᠢᠨ ᠰᠠᠶᠢᠨ ᠲᠤᠰᠬᠠᠯ ᠢ ᠤᠯᠤᠭᠰᠠᠨ ᠪᠠᠶᠢᠨ᠎ᠠ        ᠪᠠᠳᠤᠨᠠᠰᠤᠨ᠄ ︽ᠨᠠᠮ ᠤᠨ ᠠᠷᠪᠠ ᠶᠢᠰᠦᠳᠥᠭᠡᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠲᠡᠷᠢᠭᠦᠯᠡᠭᠴᠢ ᠰᠦᠨᠢᠳ ᠪᠠᠷᠠᠭᠤᠨ ᠬᠤᠰᠢᠭᠤᠨ ᠤ ᠤᠤᠭᠠᠨ ᠤᠯᠠᠭᠠᠨᠮᠦ᠋ᠴᠢᠷ ᠲᠤ ᠬᠠᠷᠢᠭᠤ ᠵᠠᠭᠢᠳᠠᠯ ᠪᠢᠴᠢᠵᠤ᠂ ᠤᠯᠠᠭᠠᠨᠮᠦ᠋ᠴᠢᠷ ᠤᠨ ᠠᠵᠢᠯ ᠢ ᠶᠡᠭᠡ ᠪᠠᠷ ᠬᠠᠯᠠᠮᠵᠢᠯᠠᠵᠤ᠂ ᠵᠤᠷᠢᠭᠵᠢᠭᠤᠯᠵᠤ᠂ ᠲᠡᠮᠵᠢᠭᠰᠡᠨ ᠪᠠᠶᠢᠨ᠎ᠠ᠂ ᠢᠩᠭᠢᠭᠦᠯᠡᠷ ᠤᠯᠠᠭᠠᠨᠮᠦ᠋ᠴᠢᠷ ᠠᠷᠠᠳ ᠲᠦᠮᠡᠨ ᠳᠡᠭᠡᠨ ᠤᠶᠢᠯᠡᠴᠢᠯᠡᠭᠦ ᠤᠷᠠᠯᠢᠭ ‍ᠤᠨ‌ᠠᠵᠢᠯ ᠢ ᠨᠠᠮ ᠵᠠᠰᠠᠭ ᠶᠡᠭᠡ ᠪᠠᠷ ᠭᠦᠨᠳᠤᠳᠭᠡᠵᠤ ᠪᠠᠶᠢᠨ᠎ᠠ᠂ ᠢᠩᠭᠢᠭᠦᠯᠡᠷ ᠪᠢ ᠪᠠᠰᠠ ᠤᠯᠠᠮ ᠤᠷᠮᠠᠰᠢᠵᠤ᠂ ᠵᠤᠷᠢᠭᠵᠢᠵᠤ᠂ ᠤᠷᠠᠯᠢᠭ ᠤᠨ ᠠᠵᠢᠯ ᠢᠶᠠᠨ ᠨᠡᠩ ᠡᠷᠴᠢᠮᠳᠠᠢ ᠭᠢᠭᠦ ᠡᠶᠢᠮᠤ ᠵᠤᠷᠢᠭ ᠲᠡᠭᠦᠯᠳᠡᠷ ᠪᠠᠶᠢᠨ᠎ᠠ︾ ᠬᠡᠵᠦ ᠠᠯᠤᠰ ᠤᠨ ᠬᠦᠰᠡᠯᠡᠩ ᠢᠶᠠᠨ ᠶᠠᠷᠢᠨ᠎ᠠ᠃                                                              ᠰᠡᠴᠡᠨᠬᠤᠸᠠᠷ
ᠢᠷᠡᠯᠲᠡ᠄ ᠪᠠᠶᠠᠨᠨᠠᠭᠤᠷ ᠮᠤᠩᠭᠤᠯ ᠰᠦᠯᠵᠢᠶ᠎ᠠ