ᠮᠠᠨ ᠤ ᠬᠤᠰᠢᠭᠤ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠦᠷᠨᠢᠬᠦᠯᠦᠭᠰᠠᠨ ᠪᠠᠶᠢᠳᠠᠯ ᠳᠤ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2021/10/10
          ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠪᠡᠶ᠎ᠡ ᠰᠡᠳᠬᠢᠯ ᠤᠨ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠥᠷᠨᠢᠭᠦᠯᠦᠭᠰᠡᠨ ᠪᠠᠶᠢᠳᠠᠯ ᠶᠠᠮᠠᠷ ᠵᠡᠷᠭᠡ ᠪᠣᠶ︖ ᠪᠠᠭᠤᠳᠠᠯ ᠳᠤ ᠬᠤᠨᠣᠭᠯᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠰᠠᠶᠢᠲᠤᠷ ᠬᠢᠬᠦ ᠪᠣᠶ︖ ᠣᠶᠢᠷ᠎ᠠ ᠳᠤ᠂ ᠰᠤᠷᠪᠤᠯᠵᠢᠯᠠᠭᠴᠢ ᠬᠤᠰᠢᠭᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠥᠬᠦᠶ  ᠠᠵᠢᠯᠲᠡᠨ ᠢ ᠳᠠᠭᠠᠵᠤ ᠪᠠᠭᠤᠳᠠᠯ ᠳᠤ ᠬᠤᠨᠣᠭᠯᠠᠵᠤ ᠬᠢᠵᠢᠭ ᠢ ᠰᠡᠷᠭᠡᠶᠢᠯᠡᠵᠦ ᠪᠠᠶᠢᠭ᠎ᠠ ᠪᠠᠶᠢᠳᠠᠯ ᠢ ᠰᠤᠷᠪᠤᠯᠵᠢᠯᠠᠪᠠ᠃         ᠷᠦᠢ ᠳ᠋ᠦᠩ ᠵᠣᠴᠢᠳ ᠤᠨ ᠪᠠᠭᠤᠳᠠᠯ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠠᠵᠠᠷ ᠣᠷᠣᠨ ᠪᠣᠯᠤᠨ᠎ᠠ᠃ ᠰᠤᠷᠪᠤᠯᠵᠢᠯᠠᠭᠴᠢ ᠲᠤᠰ ᠪᠠᠭᠤᠳᠠᠯ ᠳᠤ ᠪᠡᠶ᠎ᠡ ᠶᠢᠨ ᠳᠤᠯᠠᠭᠠᠨ ᠢ ᠪᠠᠶᠢᠴᠠᠭᠠᠬᠤ 1 ᠴᠡᠭ ᠲᠠᠢ ᠪᠠᠶᠢᠵᠤ᠂ ᠪᠠᠭᠤᠳᠠᠯ ᠤᠨ ᠶᠡᠭᠡ ᠲᠢᠩᠬᠢᠮ ᠤᠨ ᠡᠭᠦᠳᠡᠨ ᠳᠡᠭᠡᠷ᠎ᠡ ᠪᠠᠶᠢᠷᠢᠯᠠᠵᠤ ᠪᠠᠶᠢᠬᠤ ᠶᠢ ᠣᠯᠵᠤ ᠦᠵᠡᠪᠡ᠃ ᠪᠠᠭᠤᠳᠠᠯ ᠤᠨ ᠵᠢᠵᠢᠭᠦᠷ ᠤᠨ ᠳᠠᠭᠠᠭᠠᠮᠠᠯ ᠰᠢᠤᠢ ᠯᠦᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠪᠣᠶ ᠪᠥᠬᠦᠶ ᠬᠥᠮᠦᠰ ᠤᠨ ᠣᠷᠣᠵᠤ ᠭᠠᠷᠬᠤ ᠳᠤ ᠴᠥᠮ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠬᠦ ᠴᠢᠬᠤᠯᠠᠲᠠᠶ᠂ ᠪᠡᠶ᠎ᠡ ᠶᠢᠨ ᠬᠠᠯᠠᠭᠤᠨ ᠨᠢ ᠲᠣᠭᠲᠠᠭᠠᠭᠰᠠᠨ 37 . 3 °C ᠠᠴᠠ ᠬᠡᠲᠦᠷᠡᠵᠦ᠂ ᠲᠡᠷᠡ ᠳᠠᠷᠤᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠭᠡᠪᠡ᠃ ᠪᠡᠶ᠎ᠡ ᠶᠢᠨ ᠬᠠᠯᠠᠭᠤᠨ ᠢ ᠬᠡᠮᠵᠢᠵᠦ ᠬᠢᠷᠢ ᠲᠡᠩᠴᠡᠭᠰᠡᠨ ᠬᠥᠮᠦᠰ ᠢ ᠨᠠᠷᠢᠨ ᠪᠦᠷᠢᠳᠬᠡᠵᠦ᠂ ᠪᠡᠶ᠎ᠡ ᠶᠢᠨ ᠬᠠᠯᠠᠭᠤᠨ ᠢ ᠪᠠᠶᠢᠴᠠᠭᠠᠬᠤ ᠪᠦᠷᠢᠳᠬᠡᠯ ᠤᠨ ᠬᠦᠰᠦᠨᠦᠭᠲᠦ ᠳᠡᠭᠡᠷ᠎ᠡ᠂ ᠤᠷᠤᠭᠰᠠᠨ ᠴᠠᠭ᠂ ᠣᠪᠣᠭ ᠨᠡᠷ᠎ᠡ᠂ ᠥᠷᠥᠭᠡᠨ ᠤ ᠳ᠋ᠤᠭᠠᠷ᠂ ᠪᠡᠶ᠎ᠡ ᠶᠢᠨ ᠬᠠᠯᠠᠭᠤᠨ ᠵᠡᠷᠭᠡ ᠮᠡᠳᠡᠭᠡ ᠵᠠᠩᠭᠢ ᠶᠢ ᠴᠥᠮ ᠳᠡᠩᠰᠡᠯᠡᠵᠦ ᠲᠠᠯᠪᠢᠨ᠎ᠠ᠃ ᠰᠫᠢᠷᠲ ᠰᠦᠷᠴᠢᠬᠦ᠂ ᠬᠤᠶᠠᠷ ᠭᠠᠷ᠂ ᠬᠤᠪᠴᠠᠰᠤ ᠬᠤᠨᠠᠷ ᠵᠡᠷᠭᠡ ᠶᠢ ᠪᠦᠬᠦ ᠲᠠᠯ᠎ᠠ ᠪᠠᠷ ᠠᠷᠢᠭᠤᠳᠬᠠᠬᠤ ᠨᠢ ᠮᠥᠨ ᠴᠦ ᠳᠤᠲᠠᠭᠳᠠᠵᠤ ᠪᠣᠯᠤᠰᠢ ᠦᠭᠡᠢ ᠵᠠᠩᠭᠢᠯᠠᠭ᠎ᠠ ᠪᠣᠯᠤᠨ᠎ᠠ᠃         ᠮᠠᠨ ᠤ ᠬᠤᠰᠢᠭᠤᠨ ᠤ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠨᠡᠯᠢᠶᠡᠳ ᠣᠯᠠᠨ᠂ ᠭᠠᠳᠠᠨ᠎ᠠ ᠠᠴᠠ ᠢᠷᠡᠭᠰᠡᠨ ᠬᠥᠮᠦᠨ ᠠᠮᠠ ᠣᠯᠠᠨ ᠪᠠᠶᠢᠬᠤ ᠪᠠᠶᠢᠳᠠᠯ ᠳᠤ ᠴᠢᠭᠯᠡᠭᠦᠯᠦᠨ᠂ ᠪᠠᠭᠤᠳᠠᠯ ᠳᠤ ᠰᠠᠭᠤᠭ᠎ᠠ ᠠᠶᠠᠨᠴᠢᠳ ᠲᠤ᠂ ᠵᠣᠴᠢᠳ ᠤᠨ ᠪᠠᠭᠤᠳᠠᠯ ᠠᠴᠠ ᠬᠥᠮᠦᠨ ᠲᠣᠬᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠭᠰᠠᠨ ᠤ ᠳᠠᠷᠠᠭ᠎ᠠ ᠵᠣᠴᠢᠳ ᠤᠨ ᠥᠷᠥᠭᠡᠨ ᠳᠤ ᠬᠦᠷᠭᠡᠬᠦ ᠶᠢᠨ ᠬᠠᠮᠲᠤ ᠵᠣᠴᠢᠳ ᠲᠤ ᠠᠮᠠᠪᠴᠢ ᠲᠠᠷᠬᠠᠭᠠᠵᠤ᠂ ᠪᠡᠶ᠎ᠡ ᠶᠢᠨ ᠬᠠᠯᠠᠭᠤᠨ ᠢ ᠨᠢ ᠪᠠᠶᠢᠴᠠᠭᠠᠨ ᠬᠡᠮᠵᠢᠵᠦ᠂ ᠵᠣᠴᠢᠳ ᠤᠨ ᠪᠣᠶ ᠪᠥᠬᠦᠶ ᠡᠳ᠋ ᠪᠣᠳᠠᠰ ᠢ ᠡᠳᠦᠷ ᠪᠦᠷᠢ ᠨᠢᠭᠡ ᠤᠳᠠᠭ᠎ᠠ ᠰᠣᠯᠢᠵᠤ᠂ ᠡᠳᠦᠷ ᠪᠦᠷᠢ ᠠᠷᠢᠭᠤᠳᠬᠠᠬᠤ ᠰᠢᠩᠭᠡᠨ ᠢᠶᠠᠷ ᠠᠷᠢᠭᠤᠳᠬᠠᠵᠤ᠂ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠳᠡᠭ᠃ ᠪᠠᠭᠤᠳᠠᠯ ᠤᠨ ᠵᠣᠴᠢᠨ ᠤ ᠥᠷᠥᠭᠡ ᠳᠤ ᠪᠠᠰᠠ ᠬᠤᠭ ᠨᠣᠪᠰᠢ ᠶᠢ ᠨᠢᠭᠡᠳᠦᠯᠲᠡᠶ ᠴᠡᠪᠡᠷᠯᠡᠬᠦ᠂ ᠴᠠᠬᠢᠯᠭᠠᠨ ᠱᠠᠲᠤ ᠶᠢ ᠨᠢᠭᠡᠳᠦᠯᠲᠡᠶ ᠵᠥᠭᠡᠭᠡᠪᠦᠷᠢᠯᠡᠬᠦ᠂ ᠨᠢᠭᠡᠳᠦᠯᠲᠡᠶ ᠠᠷᠢᠭᠤᠳᠬᠠᠬᠤ ᠵᠡᠷᠭᠡ ᠶᠢ ᠪᠡᠶᠡᠯᠡᠭᠦᠯᠪᠡ᠃ ᠣᠳᠣᠬᠠᠨ ᠳᠤ ᠪᠠᠭᠤᠳᠠᠯ ᠠᠴᠠ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠨᠢᠭᠡᠪᠦᠷᠢ ᠳᠤ ᠴᠢᠭᠯᠡᠭᠦᠯᠦᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠠᠵᠢᠯᠯᠠᠬᠤ᠂ ᠠᠵᠢᠯ ᠠᠴᠠ ᠪᠠᠨ ᠪᠠᠭᠤᠬᠤ ᠳᠤᠨᠢ ᠲᠣᠰ ᠲᠣᠰ ᠨᠢᠭᠡ ᠤᠳᠠᠭ᠎ᠠ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠪᠣᠶ ᠪᠥᠬᠦᠶ ᠬᠥᠮᠦᠰ ᠠᠮᠠᠪᠴᠢ ᠵᠡᠭᠦᠮᠡᠨᠵᠢᠨ ᠰᠠᠶ᠋ᠢ ᠠᠵᠢᠯᠯᠠᠵᠤ ᠪᠠᠶᠢᠨ᠎ᠠ᠃         ᠣᠳᠣᠬᠠᠨ ᠪᠣᠯᠲᠠᠯ᠎ᠠ᠂ ᠲᠤᠰ ᠤᠳᠠᠭ᠎ᠠ ᠶᠢᠨ ᠰᠤᠷᠪᠤᠯᠵᠢᠯᠠᠭ᠎ᠠ ᠨᠢ ᠲᠤᠬᠠᠢ ᠶᠢᠨ ᠲᠠᠯᠠᠪᠠᠢ ᠳᠤ ᠪᠠᠶᠢᠴᠠᠭᠠᠬᠤ ᠬᠡᠯᠪᠡᠷᠢ ᠪᠠᠷ ᠶᠠᠪᠤᠭᠳᠠᠵᠤ᠂ ᠭᠤᠣᠯᠳᠠᠭᠤ ᠬᠥᠮᠦᠨ ᠬᠠᠷ᠎ᠠ ᠨᠡᠯᠢᠶᠡᠳ ᠲᠥᠪᠯᠡᠷᠡᠭᠰᠡᠨ ᠤᠯᠠᠨ ᠨᠡᠶᠢᠲᠡ ᠶᠢᠨ ᠲᠠᠯᠠᠪᠤᠷ ᠲᠤ ᠴᠢᠭᠯᠡᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠪᠣᠯᠤᠨ ᠮᠡᠷᠭᠡᠵᠢᠯ ᠤᠨ ᠵᠢᠯᠤᠭᠤᠳᠤᠯᠭ᠎ᠠ ᠬᠢᠵᠡᠢ᠃ ᠣᠳᠣᠬᠠᠨ ᠳᠤ ᠪᠥᠬᠦ ᠬᠤᠰᠢᠭᠤᠨ ᠤ 52 ᠵᠣᠴᠢᠳ ᠤᠨ ᠪᠠᠭᠤᠳᠠᠯ᠂ ᠪᠠᠭᠤᠳᠠᠯ ᠬᠤᠨᠤᠭ ᠤᠨ ᠭᠠᠵᠠᠷ ᠴᠥᠮ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ  ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ᠃
ᠢᠷᠡᠯᠲᠡ᠄ ᠲᠤᠰ ᠰᠦᠯᠵᠢᠶ᠎ᠠ