ᠾᠧ ᠸᠧᠢ ᠬᠤᠸᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
  
2021/11/15
            11 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠯᠢᠨ ᠾᠧ ᠲᠣᠭᠤᠷᠢᠭ᠂    ᠰᠢᠶᠠᠨ ᠳᠤ ᠭᠦᠨᠵᠡᠭᠡᠶᠢᠷᠡᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃         ᠾᠧ ᠸᠧᠢ ᠬᠤᠸᠠ ᠤᠷᠢᠳ ᠬᠤᠵᠢᠳ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤ ᠶᠢᠨ ᠮᠠ ᠴᠠᠩ ᠳ᠋ᠢ ᠲᠣᠰᠬᠤᠨ ᠤ ᠵᠢᠷᠭᠤᠭ᠎ᠠ ᠪᠠ ᠨᠠᠢᠮᠠᠳᠤᠭᠠᠷ ᠳᠤᠭᠤᠶᠢᠯᠠᠩ ᠳᠠᠬᠢ ᠠᠶᠤᠯᠲᠠᠢ ᠪᠠᠷᠢᠯᠭ᠎ᠠ ᠶᠢᠨ ᠬᠡᠰᠡᠭ᠂ ᠦᠶᠤᠸᠠᠨ ᠰᠢᠶᠠᠨ ᠤ ᠰᠢᠶᠧ ᠯᠠ ᠡᠦ ᠳᠠᠬᠢ ᠠᠶᠤᠯᠲᠠᠢ ᠪᠠᠷᠢᠯᠭ᠎ᠠ ᠶᠢᠨ ᠬᠡᠰᠡᠭ᠂ ᠬᠠᠳᠤᠨ ᠭᠤᠣᠯ ᠤᠨ ᠲᠠᠩ ᠭᠠᠵᠠᠷ ᠤᠨ ᠬᠠᠶᠠᠭᠳᠠᠮᠠᠯ ᠠᠭᠤᠷᠬᠠᠢ ᠶᠢᠨ ᠵᠠᠰᠠᠯᠲᠠ ᠶᠢᠨ ᠣᠷᠣᠨ ᠳᠤ ᠬᠦᠷᠴᠦ᠂ ᠠᠶᠤᠯᠲᠠᠢ ᠬᠡᠰᠡᠭ ᠪᠠ ᠤᠰᠤᠨ ᠤ ᠪᠠᠶᠢᠳᠠᠯ ᠢ ᠪᠠᠶᠢᠴᠠᠭᠠᠨ ᠦᠵᠡᠵᠦ᠂ ᠬᠠᠳᠤᠨ ᠭᠤᠣᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ ᠪᠠ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ᠂ ᠠᠮᠢ ᠠᠬᠤᠢ ᠶᠢ ᠵᠠᠰᠠᠨ ᠰᠡᠷᠭᠦᠭᠡᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠠᠳᠬᠤᠵᠤ᠂ ᠬᠠᠳᠤᠨ ᠭᠤᠣᠯ ᠤᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠯᠢᠨ ᠾᠧ ᠲᠣᠭᠤᠷᠢᠭ ᠤᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠤᠰᠤᠨ ᠤ ᠴᠢᠨᠠᠷ ᠢ ᠠᠦ᠋ᠲ᠋ᠣ᠋ ᠬᠢᠨᠠᠨ ᠬᠡᠮᠵᠢᠬᠦ ᠲᠠᠪᠤᠳᠤᠭᠠᠷ ᠤᠰᠤ ᠭᠠᠳᠠᠭᠰᠢᠯᠠᠭᠤᠯᠬᠤ ᠭᠤᠣᠯ ᠰᠤᠪᠠᠭ ᠤᠨ ᠳᠤᠮᠳᠠ ᠬᠡᠰᠡᠭ ᠤᠨ ᠦᠷᠳᠡᠭᠡ᠂ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠷᠦᠩ ᠮᠢᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠵᠢᠱᠢ᠊ ᠡᠶ᠎ᠡ ᠦᠵᠡᠭᠦᠯᠬᠦ ᠲᠦᠷᠦᠯ ᠵᠦᠢᠯ ᠤᠨ ᠲᠣᠭᠤᠷᠢᠭ᠂ ᠰᠢᠨ ᠭᠦᠩ ᠵᠦᠩ ᠪᠠᠯᠭᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ᠂ ᠷᠦᠨ ᠬᠠᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠾᠧ ᠸᠧᠢ ᠬᠤᠸᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ᠂ ᠬᠤᠵᠢᠷᠯᠢᠬ ᠭᠠᠵᠠᠷ ᠢ ᠰᠠᠶᠢᠵᠢᠷᠠᠭᠤᠯᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠳᠠᠪᠠᠭᠤᠯᠢᠭ ᠤᠨᠴᠠᠯᠢᠬᠳᠤ ᠠᠵᠤ ᠦᠶ᠋ᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭᠠᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠡᠢ᠃        ᠦᠶᠤᠸᠠᠨ ᠰᠢᠶᠠᠨ ᠤ ᠪᠠᠶᠠᠨᠳᠤᠬᠤᠢ ᠪᠠᠯᠭᠠᠰᠤ ᠶᠢᠨ ᠬᠠᠲᠤᠨ ᠭᠤᠣᠯ ᠠᠴᠠ ᠪᠸᠢ ᠲᠢᠶᠠᠨ ᠶᠤᠸᠠᠨ ᠬᠦᠷᠲᠡᠯᠡᠬᠢ ᠶᠡᠷᠦᠩᠬᠡᠶᠢᠯᠡᠭᠰᠡᠨ ᠴᠣᠭᠴᠠ᠂ ᠪᠣᠷᠣᠲᠣᠬᠤᠢ ᠶᠢᠨ ᠲᠠᠷᠢᠶᠠᠯᠠᠩ ᠤᠨ ᠰᠣᠶᠣᠯ ᠤᠨ ᠦᠵᠡᠰᠬᠦᠯᠡᠩ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᡁᠧ ᠸᠧᠢ ᠬᠤᠸᠠ᠂ ᠬᠠᠲᠤᠨ ᠭᠤᠣᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠡᠦᠬᠡᠲᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠠᠲᠤᠨ ᠭᠤᠣᠯ ᠤᠨ ᠰᠣᠶᠣᠯ ᠤᠨ ᠠᠬᠤᠭᠤᠯᠵᠤ ᠪᠦᠬᠦᠢ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ᠂ ᠪᠠᠶᠠᠨᠨᠠᠭᠤᠷ ᠲᠤ ᠣᠨᠴᠠ ᠪᠠᠶᠢᠳᠠᠭ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠾᠧ ᠸᠧᠢ ᠬᠤᠸᠠ ᠦᠶᠤᠸᠠᠨ ᠰᠢᠶᠠᠨ ᠤ ᠪᠠᠶᠠᠨᠲᠣᠬᠤᠢ ᠪᠠᠯᠭᠠᠰᠤ ᠶᠢᠨ ᠶᠢᠨ ᠴᠢ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠲᠤ ᠬᠦᠷᠴᠦ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠠᠢ᠃        ᠬᠤᠳᠠ ᠶᠢᠨ ᠤᠳᠤᠷᠢᠳᠤᠯᠭ᠎ᠠ ᠬᠦᠭᠡ᠂ ᠵᠤᠤ ᠵᠢᠶᠦ᠋ᠨ ᠯᠢᠩ᠂ ᠵᠤᠤ ᠸᠧᠢ ᠹᠧᠩ᠂ ᠠᠴᠢᠲᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
   