ᠾᠧ ᠸᠧᠢ ᠬᠤᠸᠠ ᠬᠤᠳᠠ ᠶᠢᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠰᠠᠯᠪᠤᠷᠢ ᠠᠩᠬᠢ ᠳᠤ ᠪᠠᠶᠢᠴᠠᠭᠠᠨ ᠰᠤᠳᠤᠯᠤᠯᠳᠠ ᠬᠢᠪᠡ
  
2021/11/15
           11 ᠰᠠᠷ᠎ᠠ ᠶᠢᠨ 9   ᠡᠳᠦᠷ ᠪᠤᠯ ᠪᠦᠬᠦ ᠤᠯᠤᠰ ᠤᠨ ᠭᠠᠯ ᠢ ᠰᠡᠷᠭᠡᠶᠢᠯᠡᠬᠦ ᠡᠳᠦᠷᠯᠢᠭ ᠪᠤᠯᠤᠨ᠎ᠠ᠃ ᠳᠤᠬᠠᠢ ᠶᠢᠨ ᠡᠳᠦᠷ ᠬᠤᠳᠠ    ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠪᠠᠶᠠᠨᠨᠠᠭᠤᠷ ᠬᠤᠳᠠ ᠶᠢᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠰᠠᠯᠪᠤᠷᠢ ᠠᠩᠬᠢ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠨᠢᠭᠡᠳᠦᠭᠡᠷ ᠹᠷᠤᠨᠲ ᠲᠠᠬᠢ ᠵᠢᠯᠤᠭᠤᠳᠤᠭᠴᠢ ᠪᠠᠶᠢᠯᠳᠤᠭᠴᠢᠳ ᠢ ᠪᠤᠯᠭᠤᠭᠠᠨ ᠦᠵᠡᠬᠦ ᠶᠢᠨ ᠬᠠᠮᠳᠤ ᠪᠦᠬᠦ ᠬᠤᠳᠠ ᠶᠢᠨ ᠦᠷᠭᠡᠨ ᠤᠯᠠᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠬᠦᠮᠦᠰ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ ᠳᠡᠷᠡ ᠴᠢᠬᠤᠯᠠᠴᠢᠯᠠᠬᠤ ᠳᠠᠭᠠᠨ᠂ ᠪᠦᠬᠦ ᠬᠤᠳᠠ ᠶᠢᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠰᠢᠰᠲ᠋ᠧᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠶᠡᠷᠦᠩᠬᠡᠶᠢᠯᠡᠭᠰᠡᠨ ᠴᠢᠨᠠᠷᠳᠠᠢ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠠᠩᠬᠢ ᠳᠤ ᠳᠤᠭ ᠤᠯᠭᠤᠬᠤ ᠳᠤ ᠶᠠᠷᠢᠭᠰᠠᠨ ᠰᠤᠷᠭᠠᠯ ᠦᠬᠡ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ᠂ ᠦᠨᠡᠨ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠤᠷᠢᠯᠳᠠ ᠶᠢ ᠪᠠᠳᠤ ᠪᠤᠢ ᠪᠤᠯᠭᠠᠵᠤ᠂ ᠠᠪᠤᠷᠠᠨ ᠳᠤᠰᠠᠯᠠᠬᠤ ᠶᠡᠷᠦᠩᠬᠡᠶᠢᠯᠡᠭᠰᠡᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠡᠩᠨᠡᠭᠡᠨ ᠤ ᠳᠤᠰᠬᠠᠢ ᠮᠡᠷᠭᠡᠵᠢᠯ ᠤᠨ ᠴᠢᠳᠠᠪᠤᠷᠢ ᠬᠡᠪ ᠪᠤᠯᠪᠠᠰᠤᠷᠠᠯ ᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠳᠤᠰᠠᠯᠠᠵᠤ ᠵᠢᠯᠤᠭᠤᠳᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠠᠶᠠᠠᠨ᠋ᠨᠭᠤᠷ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠪᠠ ᠡᠶ᠎ᠡ ᠵᠤᠬᠢᠴᠠᠯ ᠳᠤᠭᠳᠠᠭᠤᠨ ᠪᠠᠶᠢᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠪᠡ᠃         ᠾᠧ ᠸᠧᠢ ᠬᠤᠸᠠ ᠤᠷᠢᠳ ᠬᠤᠵᠢᠳ ᠬᠤᠳᠠ ᠶᠢᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠰᠠᠯᠪᠤᠷᠢ ᠠᠩᠬᠢ ᠶᠢᠨ ᠵᠢᠯᠤᠭᠤᠳᠬᠤ ᠲᠦᠪ᠂ ᠠᠩᠬᠢ ᠶᠢᠨ ᠳᠡᠤᠬᠡ ᠶᠢᠨ ᠰᠠᠩ ᠳᠤ ᠬᠦᠷᠴᠦ ᠵᠢᠵᠢᠭᠦᠷᠯᠡᠵᠦ ᠪᠠᠶᠢᠯᠳᠤᠭᠠᠨ ᠳᠤ ᠪᠡᠯᠡᠳᠬᠡᠬᠦ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠳᠤᠰᠠᠯᠠᠬᠤ ᠵᠡᠷᠭᠡ ᠪᠠᠶᠢᠳᠠᠯ ᠢ ᠨᠠᠷᠢᠨ ᠤᠢᠢᠯᠠᠭᠠᠵᠤ᠂ ᠭᠠᠯ ᠢ ᠰᠡᠷᠭᠡᠶᠢᠯᠡᠬᠦ ᠳᠤᠨᠤᠭ ᠬᠡᠷᠡᠭᠰᠡᠯ ᠢ ᠪᠠᠶᠢᠴᠠᠭᠠᠨ ᠦᠵᠡᠵᠦ᠂ ᠪᠦᠬᠦ ᠬᠤᠳᠠ ᠶᠢᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠠᠵᠢᠯ ᠳᠤ ᠤᠯᠤᠭᠰᠠᠨ ᠦᠷ᠎ᠡ ᠪᠦᠳᠦᠮᠵᠢ ᠶᠢ ᠭᠦᠢᠴᠡᠳ ᠨᠤᠳᠠᠯᠠᠪᠠ᠃ ᠳᠡᠷᠡ ᠵᠢᠭᠠᠵᠤ ᠭᠠᠷᠭᠠᠬᠤ ᠳᠠᠭᠠᠨ᠂ ᠪᠠᠶᠠᠨᠨᠠᠭᠤᠷ ᠤᠨ ᠭᠠᠯ ᠢ ᠰᠡᠷᠭᠡᠶᠢᠯᠡᠵᠦ ᠠᠪᠤᠷᠠᠨ ᠳᠤᠰᠠᠯᠠᠬᠤ ᠡᠩᠨᠡᠭᠡ ᠳᠤᠭᠳᠠᠴᠠ ᠪᠠᠨ ᠬᠤᠪᠢᠷᠠᠭᠤᠯᠤᠭᠰᠠᠨ ᠭᠤᠷᠪᠠᠨ ᠵᠢᠯ ᠤᠨ ᠳᠤᠷᠰᠢ᠂ ᠵᠤᠷᠢᠭᠳᠠᠢ ᠪᠠᠷ ᠰᠢᠨ᠎ᠡ ᠶᠢ ᠡᠭᠦᠳᠴᠦ᠂ ᠵᠠᠮ ᠨᠡᠭᠡᠭᠡᠨ ᠤᠷᠤᠭᠰᠢᠯᠠᠵᠤ᠂ ᠪᠦᠬᠦ᠋ᠢᠯᠡ ᠬᠡᠪ ᠪᠤᠯᠪᠠᠰᠤᠷᠠᠯ᠂ ᠵᠢᠩᠬᠢᠨᠢ ᠪᠠᠶᠢᠯᠳᠤᠭᠠᠨ ᠤ ᠴᠢᠳᠠᠪᠤᠷᠢ᠂ ᠰᠠᠬᠢᠯᠭ᠎ᠠ ᠰᠤᠷᠳᠠᠯ᠂ ᠤᠶᠤᠨ ᠰᠠᠨᠠᠭᠠᠨ ᠤ ᠲᠦᠷᠰᠦ ᠪᠠᠶᠢᠳᠠᠯ ᠪᠦᠬᠦ ᠳᠠᠯ᠎ᠠ ᠪᠠᠷ ᠳᠡᠭᠡᠭᠰᠢᠯᠡᠭᠰᠡᠨ ᠪᠠᠶᠢᠨ᠎ᠠ᠃ ᠤᠯᠠᠨ ᠢᠶᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳᠤ ᠰᠠᠬᠢᠵᠤ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠦᠢᠯᠡᠴᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠳᠤ ᠳᠠᠬᠢᠨᠳᠠ ᠰᠢᠨ᠎ᠡ ᠵᠢᠳᠬᠦᠯ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃          ᠾᠧ ᠸᠧᠢ ᠬᠤᠸᠠ ᠱᠠᠭᠠᠷᠳᠠᠬᠤ ᠳᠠᠭᠠᠨ᠂ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠠᠯ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠳᠠ ᠶᠢ ᠬᠠᠯᠠᠮᠵᠢᠯᠠᠨ ᠠᠩᠬᠠᠷᠴᠤ᠂ ᠬᠦᠴᠢᠷ ᠵᠣᠪᠠᠨᠢᠯ ᠢ ᠨᠢ ᠰᠢᠢᠳᠪᠦᠷᠢᠯᠡᠵᠦ ᠥᠭᠬᠦ ᠠᠵᠢᠯ ᠢ ᠰᠠᠶᠢᠳᠤᠷ ᠬᠢᠵᠦ᠂ ᠳᠡᠳᠡᠨ ᠢ ᠰᠡᠳᠬᠢᠯ ᠠᠯᠭᠠᠰᠠᠯ ᠦᠭᠡᠢ ᠪᠠᠷ ᠪᠠᠶᠢᠯᠳᠤᠭᠠᠨ ᠳᠤ ᠪᠡᠯᠡᠳᠬᠡᠵᠦ ᠴᠡᠷᠢᠭ ᠢᠶᠠᠨ ᠪᠤᠯᠪᠠᠰᠤᠷᠠᠭᠤᠯᠬᠤ ᠬᠡᠷᠡᠭᠳᠠᠢ ᠭᠡᠪᠡ᠃      
            