ᠾᠧ ᠸᠧᠢ ᠬᠤᠸᠠ ᠳᠠᠪᠤᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
  
2021/11/15
          11 ᠰᠠᠷ᠎ᠠ ᠶᠢᠨ 4   ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠳᠠᠪᠤᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠤᠬᠠᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠵᠠᠳᠠᠯᠤᠨ ᠳᠤᠬᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠦᠷ᠎ᠡ ᠪᠦᠳᠦᠭᠡᠯ ᠢ ᠪᠠᠬᠢᠵᠢᠭᠦᠯᠦᠨ ᠦᠷᠭᠡᠳᠬᠡᠬᠦ ᠶᠢ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠳᠤᠭᠳᠠᠭᠤᠨ ᠢ ᠬᠠᠮᠠᠭᠠᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠳᠤ ᠰᠢ ᠶᠢᠨ ᠫᠢᠩ ᠶᠡᠷᠦᠩᠬᠡᠢ ᠱᠦᠵᠢ ᠶᠢᠨ ᠳᠠᠩᠰᠠ ᠡᠪᠬᠡᠮᠡᠯ ᠤᠨ ᠠᠵᠢᠯ ᠤᠨ ᠳᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ《   ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ》  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠳᠠᠩᠰᠠ ᠡᠪᠬᠡᠮᠡᠯ ᠤᠨ ᠰᠤᠷᠠᠭ ᠵᠠᠩᠬᠢᠵᠢᠯᠳᠡ ᠶᠢᠨ ᠪᠠᠶᠢᠭᠤᠯᠤᠯᠳᠠ ᠶᠢ ᠲᠦᠷᠭᠡᠳᠬᠡᠵᠦ᠂ ᠳᠠᠩᠰᠠ ᠡᠪᠬᠡᠮᠡᠯ ᠤᠨ ᠠᠵᠢᠯ ᠤᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ ᠭᠡᠵᠦ ᠴᠢᠬᠤᠯᠠᠴᠢᠯᠠᠪᠡ᠃        ᠬᠤᠷᠠᠯ ᠳᠤ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠪᠠᠶᠢᠳᠠᠯ ᠤᠨ ᠵᠠᠳᠠᠯᠤᠯᠳᠠ ᠳᠤᠬᠢᠷᠠᠭᠤᠯᠤᠯᠳᠠ ᠶᠢᠨ ᠳᠤᠬᠠᠢ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃        ᠬᠤᠷᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠳᠤᠭᠳᠠᠴᠠ ᠶᠢᠨ ᠶᠡᠷᠦᠩᠬᠡᠶᠢᠯᠡᠭᠰᠡᠨ ᠳᠤᠭᠤᠢᠢᠯᠠᠩ ᠤᠨ ᠦᠪᠤᠷ ᠮᠤᠩᠭᠤᠯ ᠳᠤ ᠢᠷᠡᠵᠦ ᠠᠵᠢᠯᠯᠠᠬᠤ ᠳᠤᠭᠤᠢᠢᠯᠠᠩ ᠤᠨ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠤᠨ ᠰᠠᠨᠠᠯ ᠢ ᠭᠡᠳᠡᠷᠬᠦ ᠳᠤᠰᠬᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠳᠤ ᠮᠠᠨ ᠤ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠭᠦᠯᠦᠨ ᠦᠷᠭᠡᠳᠬᠡᠬᠦ ᠶᠢ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠬᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠭᠦᠯᠦᠨ ᠦᠷᠭᠡᠳᠬᠡᠬᠦ ᠶᠢ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠵᠤ᠂ ᠬᠡᠪᠴᠢᠶ᠎ᠠ ᠶᠢᠨ ᠴᠢᠨᠠᠷᠳᠠᠢ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠤᠨ ᠬᠤᠶᠢᠨᠠᠬᠢ ᠦᠨᠡᠯᠡᠯᠳᠡ ᠶᠢᠨ ᠪᠡᠯᠡᠳᠬᠡᠯ ᠢ ᠰᠠᠶᠢᠳᠤᠷ ᠬᠢᠵᠦ᠂ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠬᠤ ᠶᠢ ᠪᠠᠳᠤᠯᠠᠬᠤ ᠬᠡᠷᠡᠭᠳᠠᠢ ᠭᠡᠵᠦ ᠱᠠᠭᠠᠷᠳᠠᠪᠠ᠃        ᠬᠤᠷᠠᠯ ᠳᠤ ᠮᠠᠨ ᠤ ᠬᠤᠳᠠ ᠶᠢᠨ ᠵᠠᠬᠢᠳᠠᠯ ᠰᠤᠷᠪᠤᠯᠵᠢᠯᠠᠭ᠎ᠠ ᠳᠤᠭᠳᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠢ ᠡᠭᠦᠰᠦᠯ ᠤᠨ ᠵᠠᠰᠠᠯᠳᠠ᠂ ᠦᠨᠳᠦᠰᠦᠨ ᠱᠠᠳᠤᠨ ᠤ ᠵᠠᠰᠠᠯᠳᠠ ᠶᠢ ᠴᠢᠩᠭᠠᠳᠬᠠᠵᠤ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠬᠠᠤᠯᠢ ᠲᠦᠷᠢᠮ ᠶᠤᠰᠤᠭᠠᠷ ᠪᠦᠬᠦ ᠰᠡᠳᠬᠢᠯ ᠪᠦᠬᠦ ᠵᠤᠷᠢᠭ ᠢᠶᠠᠷ ᠰᠠᠶᠢᠳᠤᠷ ᠰᠢᠢᠳᠪᠤᠷᠢᠯᠡᠵᠦ᠂ ᠨᠡᠶᠢᠭᠡᠮ ᠤᠨ ᠶᠡᠭᠡ ᠳᠠᠯ᠎ᠠ ᠶᠢᠨ ᠡᠶ᠎ᠡ ᠵᠤᠬᠢᠴᠠᠯ ᠳᠤᠭᠳᠠᠭᠤᠨ ᠢ ᠪᠠᠳᠤᠯᠠᠬᠤ ᠬᠡᠷᠡᠭᠳᠠᠢ ᠭᠡᠵᠦ ᠴᠢᠬᠤᠯᠠᠴᠢᠯᠠᠪᠠ᠃        ᠬᠤᠷᠠᠯ ᠳᠤ 《 ᠪᠠᠶᠠᠨᠨᠠᠭᠤᠷ ᠬᠤᠳᠠ ᠶᠢᠨ ᠮᠤᠨᠠ ᠠᠭᠤᠯᠠ ᠶᠢᠨ ᠬᠠᠳᠠᠨ ᠵᠢᠷᠤᠭ ᠢ ᠬᠠᠮᠠᠭᠠᠯᠠᠬᠤ ᠲᠦᠷᠢᠮ  ᠡᠬᠡ ᠨᠤᠤᠷᠠᠭ  》 ᠢ ᠰᠤᠳᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠳᠡ ᠶᠢᠨ ᠨᠤᠤᠷᠠᠭ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠨᠤᠤᠷᠠᠭ ᠤᠨ ᠳᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃      ᠬᠤᠷᠠᠯ ᠳᠤ ᠪᠠᠰᠠ ᠪᠤᠰᠤᠳ ᠶᠠᠪᠤᠳᠠᠯ ᠤᠳ ᠢ ᠰᠤᠳᠤᠯᠪᠠ᠃      
            