ᠾᠧ ᠸᠧᠶ ᠬᠤᠸᠠ ᠪᠣᠯᠤᠨ ᠸᠠᠩ ᡁᠢ ᠫᠢᠩ ᠬᠤᠲᠠ ᠶᠢᠨ ᠰᠢᠭᠤᠳ ᠬᠠᠷᠢᠶ᠎ᠠ ᠰᠣᠨᠢᠨ ᠮᠡᠳᠡᠭᠡᠨ ᠤ ᠨᠢᠭᠡᠴᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
  
2021/11/16
          11 ᠰᠠᠷ᠎ᠠ ᠶᠢᠨ 8 ᠤ ᠡᠳᠦᠷ ᠪᠣᠯ ᠳᠤᠮᠳᠠᠳᠤ ᠤᠯᠤᠰ ᠤᠨ ᠬᠤᠷᠢᠨ ᠬᠤᠶᠠᠳᠠᠬᠢ ᠰᠣᠷᠪᠣᠯᠵᠢᠯᠠᠭᠴᠢᠳ ᠤᠨ ᠪᠠᠶᠠᠷ ᠤᠨ ᠡᠳᠦᠷ ᠪᠣᠯᠣᠨ᠎ᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠲᠠ ᠶᠢᠨ ᠰᠢᠭᠤᠳ ᠬᠠᠷᠢᠶ᠎ᠠ ᠰᠣᠨᠢᠨ ᠮᠡᠳᠡᠭᠡᠨ ᠤ ᠨᠢᠭᠡᠴᠢ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠢᠭᠡᠳᠥᠭᠡᠷ ᠱᠤᠭᠤᠮ ᠳᠡᠭᠡᠷᠡᠬᠢ ᠠᠵᠢᠯᠲᠠᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠪᠥᠬᠦ ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃      ᠾᠧ ᠸᠧᠢ ᠬᠤᠸᠠ ᠤᠷᠢᠳ ᠬᠤᠵᠢᠳ ᠪᠠᠶᠠᠨ ᠨᠠᠭᠤᠷ ᠤᠨ ᠡᠳᠦᠷ ᠤᠨ ᠰᠣᠨᠢᠨ ᠤ   ᠬᠤᠷᠢᠶ᠎ᠠ᠂ ᠪᠠᠶᠠᠨ ᠨᠠᠭᠤᠷ ᠤᠨ ᠷᠠᠳᠢᠣ᠋ ᠲᠧᠯᠸᠢᠰ ᠬᠤᠷᠢ᠊ ᠡᠶ᠎ᠡ ᠳᠤ ᠬᠦᠷᠴᠦ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠵᠠᠭᠤᠴᠢᠯᠠᠭᠤᠷ ᠤᠨ ᠠᠭᠤᠰᠤᠯᠴᠠᠯ᠂ ᠲᠤᠬᠠᠶᠢᠯᠠᠭᠰᠠᠨ ᠠᠵᠢᠯ ᠤᠨ ᠡᠵᠡᠩᠨᠡᠯᠲᠡ᠂ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠦᠬᠦ ᠬᠤᠳᠠ ᠶᠢᠨ ᠰᠣᠨᠢᠨ ᠮᠡᠳᠡᠭᠡᠨ ᠤ ᠹᠷᠣᠨᠲ ᠤᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠰᠢᠨ᠎ᠡ ᠪᠠᠶᠢᠳᠠᠯ ᠳᠣᠣᠷᠠᠬᠢ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠴᠢᠬᠤᠯᠠᠴᠢᠯᠠᠬᠤ ᠳᠠᠭᠠᠨ᠂ ᠪᠦᠬᠦ ᠬᠤᠳᠠ ᠶᠢᠨ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠥᠪ ᠤᠳᠤᠷᠢᠳᠤᠮᠵᠢ ᠶᠢ ᠡᠵᠡᠮᠳᠡᠵᠦ᠂ ᠨᠠᠮ ᠤᠨ ᠵᠣᠷᠢᠯᠲᠠ ᠶᠢ ᠤᠬᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠲᠠᠶᠢᠯᠪᠤᠷᠢᠯᠠᠵᠤ᠂ ᠥᠷᠭᠡᠨ ᠤᠯᠠᠨ ᠠᠷᠠᠳ ᠲᠦᠮᠡᠨ ᠤ ᠰᠢᠨ᠎ᠡ ᠳᠦᠷᠰᠦ ᠪᠠᠶᠢᠳᠠᠯ ᠢ ᠰᠠᠶᠢᠲᠤᠷ ᠢᠯᠡᠷᠡᠭᠦᠯᠵᠦ᠂ ᠪᠠᠶᠠᠨᠨᠠᠭᠤᠷ ᠢ ᠰᠠᠶᠢᠲᠤᠷ ᠤᠬᠠᠭᠤᠯᠵᠤ᠂ ᠪᠠᠶᠠᠨᠨᠠᠭᠤᠷ ᠤᠨ ᠨᠡᠷ᠎ᠡ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠥᠪ ᠶᠣᠰᠣ ᠶᠢ ᠡᠵᠡᠮᠳᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠵᠠᠭᠤᠴᠢᠯᠠᠭᠤᠷ ᠤᠨ ᠠᠭᠤᠰᠤᠯᠴᠠᠯ ᠬᠥᠭᠵᠢᠯᠲᠡ ᠶᠢᠨ ᠲᠠᠯ᠎ᠠ ᠪᠠᠷ ᠪᠦᠬᠦ ᠣᠷᠣᠨ ᠤ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ᠃ ᠥᠷᠭᠡᠨ ᠤᠯᠠᠨ ᠰᠣᠨᠢᠨ ᠮᠡᠳᠡᠭᠡᠨ ᠤ ᠠᠵᠢᠯᠲᠠᠳ ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠠᠴᠠ ᠵᠥᠪ ᠢ ᠡᠷᠢᠵᠦ᠂ ᠲᠡᠷᠢᠭᠦᠨ ᠤ ᠬᠢ ᠶᠢ ᠬᠠᠷᠠᠭᠠᠯᠠᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠰᠢᠯᠭᠠᠷᠠᠭᠰᠠᠨ ᠴᠢᠷᠮᠠᠶᠢᠯᠭ᠎ᠠ᠂ ᠥᠪᠡᠷᠮᠢᠴᠡ ᠬᠠᠷᠠᠭᠠᠰᠤ᠂ ᠭᠦᠨᠵᠡᠭᠡᠢ ᠰᠡᠳᠬᠢᠴᠡ᠂ ᠰᠢᠯᠢᠳᠡᠭ ᠵᠣᠬᠢᠶᠠᠨ ᠪᠦᠲᠦᠭᠡᠯᠭᠡ ᠪᠠᠷ ᠦᠵᠡᠯ ᠰᠠᠨᠠᠭᠠᠴᠢ ᠴᠢᠨᠠᠷᠲᠠᠢ᠂ ᠰᠡᠳᠬᠢᠯᠭᠡᠲᠡᠢ᠂ ᠣᠬᠢ ᠰᠢᠯᠢᠳᠡᠭ ᠰᠣᠨᠢᠨ ᠮᠡᠳᠡᠭᠡᠨ ᠤ ᠮᠡᠳᠡᠭᠡᠯᠡᠯ ᠢ ᠨᠡᠩ ᠣᠯᠠᠨ ᠵᠣᠬᠢᠶᠠᠨ ᠪᠦᠲᠦᠭᠡᠬᠦ ᠬᠡᠷᠡᠭᠲᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠴᠢᠭᠯᠡᠯ ᠢ ᠡᠵᠡᠮᠳᠡᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠲᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠭᠤᠰᠤᠯᠴᠠᠯ ᠬᠥᠭᠵᠢᠯᠲᠡ ᠶᠢ ᠲᠦᠷᠭᠡᠳᠬᠡᠨ᠂ ᠭᠠᠳᠠᠭᠰᠢ ᠤᠬᠠᠭᠤᠯᠬᠤ ᠶᠢ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠬᠠᠶᠢᠷᠠᠯᠠᠯᠲᠠᠢ ᠮᠥᠷᠲᠡᠭᠡᠨ ᠬᠦᠨᠳᠥᠳᠬᠡᠯᠲᠡᠢ ᠪᠠᠶᠠᠨᠨᠠᠭᠤᠷ ᠢ ᠪᠥᠬᠦ ᠲᠠᠯ᠎ᠠ ᠪᠠᠷ ᠱᠤᠭᠤᠬᠤ ᠬᠡᠷᠡᠭᠲᠡᠢ ᠭᠡᠵᠡᠢ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠸᠠᠩ ᡁᠢ ᠫᠢᠩ᠂ ᠬᠤᠳᠠ ᠶᠢᠨ ᠤᠳᠤᠷᠢᠳᠤᠯᠭ᠎ᠠ ᠬᠦᠭᠡ᠂ ᠴᠢᠦ ᠶᠦᠩ ᠬᠤᠩ᠂ ᠸᠠᠩ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
            