ᠤᠷᠠᠳ ᠤᠨ ᠬᠤᠶᠢᠲᠤ ᠬᠤᠰᠢᠭᠤᠨ ᠤ ᠥᠭᠡᠷᠡᠴᠢᠯᠡᠯᠲᠡ ᠬᠦᠭᠵᠢᠬᠦᠯᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2021/11/16

  

        ︵ᠨᠢᠭᠡ︶ ᠡᠭᠦᠷᠭᠡ  ᠴᠢᠳᠡᠪᠬᠢ ᠶᠢᠨ ᠲᠣᠬᠢᠷᠠᠭᠤᠯᠤᠯᠲᠠ

       

 ᠤᠷᠠᠳ ᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ  ᠲᠤᠴᠢᠶ᠎ᠠ ᠪᠣᠯ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ

ᠣᠷᠳᠣᠨ ᠠᠴᠠ ᠭᠤᠣᠯᠯᠠᠨ ᠬᠠᠮᠢᠶᠠᠷᠴᠤ ᠪᠠᠶᠢᠭ᠎ᠠ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠤᠨ᠎ᠠ᠃ ᠤᠷᠠᠳ ᠤᠨ

ᠬᠤᠶᠢᠲᠤ ᠬᠤᠰᠢᠭᠤᠨ ᠤ ᠠᠮᠤ ᠪᠤᠳᠠᠭ᠎ᠠ ᠪᠠ  ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ  ᠡᠨᠧᠷᠬᠢ ᠶᠢᠨ ᠲᠣᠪᠴᠢᠶᠠᠨ ᠤ

ᠫᠠᠶᠢᠰᠠ ᠶᠢ ᠨᠡᠮᠡᠵᠦ ᠡᠯᠭᠦᠨ᠎ᠡ᠃ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ ᠢ

ᠬᠤᠰᠢᠭᠤᠨ  ‍ᠣ‌‍ᠬᠥ᠋ᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠬᠤᠰᠢᠭᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ

ᠠᠬᠤᠶ ᠶᠢᠨ ᠵᠥᠪᠯᠡᠯ ᠤᠨ ᠪᠣᠳᠠᠲᠠᠶ ᠠᠵᠢᠯ ᠢ ᠡᠭᠦᠷᠭᠡᠯᠡᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂

ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠰᠢᠪᠠᠳᠠᠵᠤ ᠪᠠᠶᠢᠭᠠᠳ ᠬᠤᠰᠢᠭᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ

ᠵᠥᠪᠯᠡᠯ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠤᠨ᠎ᠠ᠃

       

 ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ

      

 1. ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ

ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠢᠭᠡᠳᠦᠯᠲᠡᠶ ᠲᠥᠯᠥᠪᠵᠢᠭᠦᠯᠭᠡ ᠶᠢᠨ ᠰᠢᠰᠲ᠋ᠧᠮᠵᠢ ᠶᠢᠨ

ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠤᠰᠢᠭᠤᠨ ᠲᠠᠰ ᠤᠨ ᠲᠤᠰᠬᠠᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂

ᠣᠷᠣᠨ ᠵᠠᠶ ᠶᠢᠨ ᠲᠥᠯᠥᠪᠵᠢᠭᠦᠯᠭᠡ ᠬᠢᠭᠡᠳ ᠪᠥᠬᠦ ᠬᠤᠰᠢᠭᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ

ᠬᠠᠷᠢᠭᠤᠴᠠᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ

ᠨᠡᠭᠡᠭᠡᠯᠲᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ 

    

         2᠂ ᠣᠳᠣᠬᠢᠴᠢᠯᠠᠭᠰᠠᠨ ᠠᠵᠤ ᠠᠬᠤᠢ ᠶᠢᠨ  ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ᠂

ᠡᠭᠦᠷᠭᠡ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ  ᠲᠤᠷᠠᠳᠤᠨ ᠭᠠᠷᠭᠠᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠢᠨᠠᠨ

ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠤᠨ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂

ᠬᠠᠮᠢᠶ᠎ᠠ ᠪᠥᠬᠦᠶ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ 

    

         3᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ

ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ᠂ ᠬᠤᠷᠸ᠎ᠠ

ᠲᠤᠬᠢᠷᠠᠭᠤᠯᠤᠯ ᠡᠵᠡᠮᠳᠡᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ

ᠵᠣᠬᠢᠴᠠᠭᠤᠯᠵᠤ᠂ ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠢ

ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠠᠨ᠎ᠠ᠃ ᠤᠯᠤᠰ᠂ ᠥᠪᠡᠷᠲᠡᠭᠡᠨ

ᠵᠠᠰᠠᠬᠤ ᠣᠷᠣᠨ ᠤ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ

ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠬᠠᠷᠠᠯᠲᠠ ᠶᠢ ᠳᠤᠷᠠᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠠᠸᠠᠷ ᠤᠨ  ᠦᠢᠯᠡᠴᠢᠯᠡᠭᠡ

ᠪᠠ  ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠳᠣᠭᠢᠷᠠᠭᠤᠯᠤᠨ᠎ᠠ᠃

   

         4 ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ

ᠵᠣᠬᠢᠴᠠᠭᠤᠯᠵᠤ᠂ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ

ᠥᠭᠡᠷᠡᠴᠢᠯᠡᠯᠲᠡ ᠶᠢ ᠲᠦᠷᠦᠭᠦᠯᠡᠨ ᠥᠮᠴᠢᠯᠡᠯ ᠤᠨ ᠡᠷᠬᠡ ᠶᠢᠨ ᠲᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ

ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠦᠨᠳᠦᠰᠦᠨ ᠪᠠᠶᠢᠭᠤᠯᠤᠯ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ

ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ

ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ

ᠲᠦᠯᠬᠢᠨ ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ

ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃

   

        5᠂ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ

᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢ ᠳᠤᠷᠠᠳᠤᠨ ᠭᠠᠷᠭᠠᠨ᠎ᠠ᠃ ︽ᠨᠢᠭᠡ ᠪᠦᠰᠡ

ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢ ᠲᠦᠷᠦᠭᠦᠯᠡᠨ ᠲᠦᠯᠬᠢᠨ ᠠᠬᠢᠭᠤᠯᠤᠨ᠎ᠠ᠃ ᠭᠠᠳᠠᠭᠰᠢ ᠭᠠᠷᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ

ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃

   

        6᠂ ᠪᠡᠯᠡ ᠣᠷᠣᠭᠤᠯᠤᠯᠲᠠ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠵᠤ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ

ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠠ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠨ᠎ᠠ᠃

ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠳᠣᠭᠢᠷᠠᠭᠤᠯᠵᠤ᠂

ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ  ᠵᠦᠢᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠬᠡᠷᠡᠭᠲᠡᠶ᠃ ᠴᠢᠬᠤᠯᠠ

ᠶᠡᠭᠡ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ᠃ ᠠᠷᠠᠳ ᠤᠨ ᠪᠡᠯᠡ

ᠣᠷᠣᠭᠤᠯᠤᠯᠲᠠ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠠ ᠨᠠᠶᠢᠳᠠᠪᠤᠷᠢᠵᠢᠭᠤᠯᠬᠤ ᠶᠢ ᠲᠦᠯᠬᠢᠨ

ᠠᠬᠢᠭᠤᠯᠤᠨ᠎ᠠ᠃

   

        7᠂ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠪᠠᠶᠢᠯᠳᠤᠬᠤ

ᠪᠤᠳᠤᠯᠭ᠎ᠠ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠣᠷᠣᠨ ᠪᠦᠰᠡ ᠶᠢᠨ

ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠤᠯᠤᠰ ᠪᠠ ᠥᠪᠡᠷᠲᠡᠭᠡᠨ ᠵᠠᠰᠠᠬᠤ

ᠣᠷᠣᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ

ᠲᠥᠯᠥᠪᠯᠡᠨ ᠠᠬᠢᠭᠤᠯᠤᠨ᠎ᠠ᠃ ᠭᠠᠵᠠᠷ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠪᠠ

ᠬᠡᠷᠡᠭᠵᠢᠭᠦᠯᠬᠦ ᠳᠤ ᠣᠷᠣᠯᠴᠠᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

   

        8᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠨᠢᠭᠡᠳᠦᠭᠡᠷ ᠬᠤᠶᠠᠳᠤᠭᠠᠷ

ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ

ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ

ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂  ᠦᠢᠯᠡᠴᠢᠯᠡᠬᠡᠨ ᠤ  ᠦᠢᠯᠡᠰ ᠵᠢᠴᠢ ᠣᠲᠣ ᠦᠶ᠎ᠡ ᠶᠢᠨ ᠪᠠᠷᠠᠭᠠᠨ ᠤ  ᠬᠦᠢᠯᠬᠡᠬᠡᠨ ᠤ 

ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ

ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ

ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠬᠡᠷᠡᠭᠵᠢᠭᠦᠯᠦᠨ᠎ᠡ᠃

   

        9᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠬᠤᠯᠪᠣᠭᠳᠠᠯ ᠪᠦᠬᠦᠢ ᠰᠠᠯᠠᠭ᠎ᠠ

ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ

ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ

ᠲᠦᠷᠦ ᠶᠢᠨ ᠪᠤᠳᠤᠯᠭ᠎ᠠ ᠶᠢ ᠲᠤᠷᠠᠳᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ

ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ

ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ

ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ

ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃

   

        10᠂ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ

ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ

ᠮᠥᠷᠳᠡᠨ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ

ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠨᠥᠭᠡᠴᠡ ᠡᠳ᠋

ᠪᠣᠳᠠᠰ ᠤᠨ ᠲᠥᠷᠥᠯ  ᠵᠦᠢᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃

   

        11᠂ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠪᠠ ᠲᠥᠷᠥ ᠶᠢᠨ ᠪᠣᠳᠣᠯᠭ᠎ᠠ ᠶᠢᠨ ᠵᠣᠯᠭᠠᠯᠳᠤᠯ ᠢ ᠬᠠᠷᠢᠭᠤᠴᠠᠵᠤ

᠂ ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠶᠡᠷᠦᠩᠬᠡᠶ

ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ

ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂

ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ

ᠭᠠᠷᠭᠠᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃

   

        12᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ

ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠨᠧᠷᠭᠢ ᠶᠢᠨ

ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ

ᠥᠭᠬᠦ ᠲᠣᠭᠲᠠᠴᠠ ᠶᠢ ᠪᠦᠷᠢᠨᠰᠢᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ

ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ

ᠬᠢᠵᠠᠭᠠᠷᠯᠠᠬᠤ ᠬᠠᠷᠠᠯᠲᠠ᠂ ᠡᠭᠦᠷᠭᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

   

13᠂ ᠪᠦᠭᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠵᠢᠴᠢ ᠡᠨᠧᠷᠬᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠪᠠ ᠲᠦᠷᠦ ᠶᠢᠨ ᠪᠤᠲᠤᠯᠭ᠎ᠠ ᠶᠢᠨ

ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠵᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂

ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠮ ᠬᠠᠷᠢᠯᠴᠠᠭ᠎ᠠ᠂

ᠡᠨᠧᠷᠭᠢ ᠶᠢᠨ ᠰᠤᠷᠪᠤᠯᠵᠢ ᠪᠠ ᠴᠢᠬᠤᠯᠠ ᠶᠡᠭᠡ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠦᠨᠳᠦᠰᠦᠨ ᠲᠥᠬᠦᠭᠡᠷᠦᠮᠵᠢ ᠶᠢᠨ ᠵᠦᠢᠯᠡᠰ ᠤᠨ

ᠪᠦᠳᠦᠭᠡᠨ ᠪᠠᠶᠢᠭᠤᠯᠤᠯᠲᠠ ᠶᠢ ᠬᠠᠮᠢᠶᠠᠷᠤᠨ᠎ᠠ᠃ 

    

       14᠂ ᠪᠦᠭᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠳᠣᠰᠤ᠂ ᠪᠠᠶᠢᠭᠠᠯᠢ ᠶᠢᠨ ᠰᠢᠳᠡᠮᠠᠬᠠᠢ ᠭᠡᠢ᠂ ᠰᠢᠨ᠎ᠡ ᠡᠨᠧᠷᠬᠢ ᠪᠠ ᠲᠠᠭᠢᠨ

ᠡᠨᠧᠷᠬᠢ ᠵᠢᠴᠢ ᠳᠣᠰᠤ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠪᠣᠯᠭᠠᠬᠤ ᠪᠠ ᠲᠦᠯᠡᠰᠢ ᠶᠢᠨ ᠡᠲ᠋ᠢᠯ ᠠᠯᠺᠣᠣᠯ ᠵᠡᠷᠭᠡ ᠠᠵᠢᠯ ᠳᠦᠷᠣᠯ ᠤᠨ ᠬᠠᠮᠢᠶᠠᠷᠤᠯᠲᠠ ᠶᠢ

ᠡᠭᠦᠷᠭᠡᠯᠡᠨ᠎ᠡ᠃ ᠪᠥᠬᠦ ᠬᠤᠰᠢᠭᠤᠨ ᠤ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ

ᠬᠡᠪᠴᠢᠶ᠎ᠡ ᠪᠠᠷ ᠬᠢᠨᠠᠨ ᠵᠥᠪᠰᠢᠶᠡᠷᠡᠬᠦ᠂  ᠳᠠᠩᠰᠠᠯᠠᠬᠤ᠂ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠦᠨ᠎ᠡ᠃  ᠠᠶᠤᠯ ᠥᠬᠡᠶ ᠦᠢᠯᠡᠳᠪᠤᠷᠢᠯᠠᠯ ᠤᠨ ᠬᠢᠨᠠᠯᠲᠠ

ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯ ᠥᠬᠡᠶ ᠦᠶ᠋ᠯᠡᠳᠪᠦᠷᠢᠯᠡᠯ ᠤᠨ

ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠰᠠᠭᠤᠷᠢ ᠪᠠᠶᠢᠭᠤᠯᠤᠯᠲᠠ ᠪᠠ

ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠡᠨᠧᠷᠭᠢ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢ ᠬᠠᠷᠢᠭᠤᠴᠠᠨ ᠥᠷᠨᠢᠭᠦᠯᠵᠦ᠂

ᠬᠤᠰᠢᠭᠤ ᠰᠢᠶᠠᠨ ᠤ ᠬᠤᠭᠤᠷᠣᠨᠳᠣᠬᠢ ᠪᠠ ᠬᠢᠯᠢ ᠶᠢᠨ ᠭᠠᠳᠠᠨᠠᠬᠢ ᠡᠨᠧᠷᠭᠢ ᠶᠢᠨ ᠨᠡᠭᠡᠭᠡᠨ ᠠᠰᠢᠭᠯᠠᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠪᠥᠬᠦ

ᠬᠤᠰᠢᠭᠤᠨ ᠤ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠢᠯᠯᠠᠭᠠᠨ ᠪᠠ

ᠴᠠᠬᠢᠯᠭᠠᠨ ᠲᠣᠤᠷ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠠᠨ᠎ᠠ᠃ 

    

       15᠂ ᠪᠦᠭᠦ ᠬᠤᠰᠢᠭᠤᠨ ᠤ ᠠᠮᠤ ᠪᠤᠳᠠᠭᠠᠨ ᠤ ᠬᠤᠷᠸ᠎ᠠ ᠲᠤᠭᠢᠷᠡᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭᠠᠨ ᠤ

ᠬᠠᠩᠭᠠᠯᠭ᠎ᠠ ᠬᠡᠷᠡᠭᠴᠡᠭᠡᠨ ᠤ ᠶᠡᠷᠦᠩᠬᠡᠶ ᠪᠥᠬᠦ ᠬᠤᠰᠢᠭᠤᠨ ᠤ ᠠᠮᠤ ᠲᠣᠰᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠰᠤᠳᠤᠯᠤᠨ

ᠲᠣᠭᠲᠠᠭᠠᠵᠤ᠂ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠪᠠ ᠪᠦᠳᠦᠭᠦᠯᠢᠭ

ᠠᠮᠤ ᠶᠢᠨ ᠠᠷᠢᠭᠤᠨ ᠴᠡᠪᠡᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠰᠢᠶᠠᠨ ᠤ ᠳᠠᠷᠤᠭ᠎ᠠ ᠶᠢᠨ

ᠬᠠᠷᠢᠭᠤᠴᠠᠯᠭ᠎ᠠ ᠶᠢᠨ ᠲᠦᠷᠢᠮ ᠢ ᠰᠢᠯᠭᠠᠨ ᠬᠢᠨᠠᠬᠤ ᠪᠣᠳᠠᠲᠠᠶ ᠠᠵᠢᠯ ᠢ ᠴᠡᠷᠢᠭ ᠤᠨ ᠠᠮᠤ ᠬᠦᠨᠡᠰᠦ ᠬᠠᠩᠭᠠᠬᠤ ᠠᠵᠢᠯ ᠢ ᠬᠠᠷᠢᠭᠤᠴᠠᠨ᠎ᠠ︔ ᠬᠤᠰᠢᠭᠤᠨ ᠱᠠᠲᠤᠨ ᠤ

ᠠᠮᠤ ᠪᠤᠳᠠᠭ᠎ᠠ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠲᠣᠰ

ᠱᠠᠲᠤᠨ ᠤ ᠠᠮᠤ ᠪᠤᠳᠠᠭ᠎ᠠ ᠲᠣᠰᠣ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ 

    

       16᠂ ᠬᠤᠰᠢᠭᠤᠨ ᠤ ᠡᠨᠧᠷᠭᠢ ᠶᠢᠨ ᠲᠣᠪᠴᠢᠶ᠎ᠠ᠂ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢ ᠬᠠᠮᠢᠶᠠᠷᠤᠨ᠎ᠠ᠃ 

    

       17᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ 

    

       18᠂ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠭᠤᠣᠯ ᠤᠶᠤᠨ ᠴᠢᠳᠠᠯ ᠢᠶᠠᠨ

ᠬᠤᠷᠸ᠎ᠠ ᠲᠠᠯ᠎ᠠ ᠶᠢ ᠬᠠᠮᠢᠶᠠᠷᠬᠤ᠂ ᠪᠦᠬᠦ ᠲᠠᠯ᠎ᠠ ᠶᠢ ᠪᠣᠳᠣᠯᠬᠢᠯᠠᠬᠤ᠂ ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂

ᠭᠠᠵᠠᠷ ᠣᠷᠣᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ

ᠥᠭᠡᠷᠡᠴᠢᠯᠡᠯᠲᠡ᠂ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ

ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠢᠴᠢᠯ

ᠬᠠᠮᠢᠶᠠᠷᠤᠯᠲᠠ ᠶᠢᠨ ᠬᠡᠷᠡᠭ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ

ᠳᠡᠯᠭᠡᠭᠦᠷ ᠤᠨ ᠡᠬᠢ ᠪᠠᠶᠠᠯᠢᠭ ᠢ ᠰᠢᠭᠤᠳ ᠲᠣᠬᠢᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ

ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠭᠤᠣᠯᠴᠢ

ᠴᠢᠨᠠᠷ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ 

         

       19᠂ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ 

    

       ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ

ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ

ᠦᠨᠡᠯᠡᠨ ᠵᠢᠱᠢᠬᠦ ᠶᠢ ᠬᠠᠷᠢᠭᠤᠴᠠᠵᠤ᠂ ᠬᠥᠮᠦᠨ ᠠᠮᠠ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠲᠦᠷᠢᠮ ᠢ ᠪᠠᠶᠢᠭᠤᠯᠵᠤ᠂ ᠴᠢᠬᠤᠯᠠ ᠶᠡᠭᠡ 

ᠰᠢᠢᠳᠪᠤᠷᠢᠳᠤ ᠪᠤᠳᠤᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠥᠮᠦᠨ ᠠᠮᠠ ᠶᠢᠨ ᠬᠥᠭᠵᠢᠯᠲᠡ ᠶᠢᠨ ᠴᠢᠬᠤᠯᠠ ᠶᠡᠭᠡ

ᠲᠥᠯᠥᠪᠵᠢᠭᠦᠯᠭᠡ ᠪᠠ ᠬᠥᠮᠦᠨ ᠠᠮᠠ ᠶᠢᠨ ᠲᠤᠬᠠᠶ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ

ᠪᠠᠶᠠᠯᠢᠭ᠂ ᠣᠷᠴᠢᠨ ᠠᠬᠤᠶ ᠶᠢᠨ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠵᠢᠴᠢ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ

ᠨᠢᠭᠡᠳᠦᠯᠲᠡᠶ ᠲᠥᠯᠥᠪᠯᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ

ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ

ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠦᠷᠡᠵᠢᠯ ᠯᠦᠭᠡ ᠬᠤᠯᠪᠣᠭᠳᠠᠬᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂

ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ

ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ

ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠮᠦᠨ

ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃

   

     

            ᠭᠤᠷᠪᠠ᠂ ᠬᠠᠷᠢᠯᠴᠠᠬᠤ ᠠᠷᠭ᠎ᠠ ᠮᠠᠶ᠋ᠢᠭ

   

           ᠬᠠᠷᠢᠯᠴᠠᠬᠤ ᠤᠲᠠᠰᠤ᠄ 0478 — 4666656︔

   

           ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ᠠᠴᠠ 12᠄ 00᠂ ᠦᠳᠡ ᠶᠢᠨ ᠬᠤᠶᠢᠨᠠᠬᠢ 15᠄ 00 ᠠᠴᠠ 18᠄ 00︔

   

           ᠠᠵᠢᠯᠯᠠᠬᠤ ᠭᠠᠵᠠᠷ᠄ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ  ᠪᠠᠶᠠᠨᠴᠢᠨᠳᠠᠮᠤᠨᠢ ᠵᠡᠭᠡᠯᠢ ᠶᠢᠨ ᠨᠠᠮ ᠵᠠᠰᠠᠭ ᠤᠨ

ᠶᠡᠷᠦᠩᠬᠡᠶᠢᠯᠡᠭᠰᠡᠨ ᠲᠣᠮᠣ ᠠᠰᠠᠷ ᠤᠨ 1 ᠳ᠋ᠤᠬᠡᠷ ᠠᠰᠠᠷ︔

   

           ᠰᠢᠦᠳᠠᠨ ᠳ᠋ᠤᠭᠠᠷ᠄ 015543 ᡽

   

           ᠢᠮᠧᠯ᠄ hqjw0@126.com︔

ᠢᠷᠡᠯᠲᠡ᠄ ᠲᠤᠰ ᠰᠦᠯᠵᠢᠶ᠎ᠠ