ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/11/23

 

          ᠨᠢᠭᠡ ᠂  ᠡᠭᠦᠷᠭᠡ ᠴᠢᠳᠡᠪᠬᠢ  ᠶᠢᠨ ᠲᠤᠬᠢᠷᠠᠭᠤᠯᠤᠯᠳᠠ

         

        ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠤᠪᠴᠢᠶᠠᠨ ᠳᠤ 10 ᠵᠠᠰᠠᠭ ᠵᠠᠬᠢᠷᠭᠠᠨ ᠤ ᠣᠷᠣᠨ

ᠲᠤᠭ᠎ᠠ ᠶᠢ ᠬᠢᠨᠠᠨ  ᠲᠤᠬᠳᠠᠭᠠᠠᠪᠠ᠃ ᠡᠭᠦᠨ ᠳᠤ᠄ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 4 ᠪᠠᠶᠢᠵᠤ᠂ ᠲᠣᠪᠴᠢᠶᠠᠨ ᠳᠠᠷᠤᠭ᠎ᠠ 1 ︵

ᠵᠢᠩᠬᠢᠨᠢ ᠰᠠᠯᠠᠭᠠᠨ ᠤ ᠲᠠᠰ︶᠂ ᠳᠡᠳ᠋ ᠲᠣᠪᠴᠢᠶᠠᠨ ᠳᠠᠷᠤᠭ᠎ᠠ 3 ︵ᠳᠡᠳ᠋ ᠰᠠᠯᠠᠭᠠᠨ ᠤ ᠲᠠᠰ︶  ᠪᠤᠢ᠃ 

         

          ᠬᠤᠶᠠᠷ  ᠂  ᠭᠤᠣᠯ ᠡᠭᠦᠷᠭᠡ ᠬᠠᠷᠢᠭᠤᠴᠠᠯᠭ᠎ᠠ 

      

         ︵ᠨᠢᠭᠡ︶ ᠳᠡᠭᠡᠳᠦ ᠱᠠᠲᠤᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ

ᠪᠣᠳᠣᠯᠭ᠎ᠠ ᠶᠢ ᠲᠤᠤᠱᠯᠠᠭᠤᠯᠵᠤ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ

ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠠᠵᠤ᠂ ᠠᠵᠤ

ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃

      

         ︵ᠬᠤᠶᠠᠷ︶ ᠪᠥᠬᠦ ᠬᠤᠰᠢᠭᠤᠨ ᠤ ᠠᠵᠤ ᠦᠶ᠋ᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠯᠲᠠ ᠬᠢᠵᠦ᠂

ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠣᠭᠤᠳᠴᠤ

᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ  ᠰᠢᠢᠳᠪᠤᠷᠢᠯᠠᠬᠦ ᠶᠢᠨ ᠬᠠᠮᠲᠤ ᠰᠠᠨᠠᠭᠤᠯᠭ᠎ᠠ

ᠳᠤᠷᠠᠳᠴᠤ᠂ ᠠᠵᠤ ᠦᠶ᠋ᠯᠡᠳᠪᠦᠷᠢ ᠶᠢᠨ ᠠᠵᠢᠯᠯᠠᠭᠠᠨ ᠤ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ

ᠬᠠᠷᠢᠭᠤᠴᠠᠨ᠎ᠠ᠃ ᠪᠥᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠶᠢᠨ

ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ

ᠲᠣᠭᠲᠠᠭᠠᠨ᠎ᠠ᠃

      

          ︵ᠭᠤᠷᠪᠠ︶ ᠠᠵᠤ  ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ

ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ

ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ᠂

ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠲᠥᠷᠥᠯ ᠵᠦᠶ᠋ᠯ ᠢ ᠬᠢᠨᠠᠨ

ᠬᠠᠷᠭᠤᠭᠤᠯᠵᠤ ᠮᠡᠳᠡᠭᠦᠯᠦᠨ ᠬᠦᠷᠭᠡᠵᠦ᠂ ᠪᠥᠬᠦ ᠬᠤᠰᠢᠭᠤᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ

ᠣᠷᠣᠭᠤᠯᠤᠯᠲᠠ ᠶᠢᠨ ᠲᠥᠷᠥᠯ  ᠵᠦᠢᠯ ᠢ ᠳᠠᠩᠰᠠᠯᠠᠭᠤᠯᠤᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠶ᠋ᠯᠡᠰ᠂ ᠭᠤᠤᠯᠳᠠᠯᠭ᠎ᠠ ᠲᠠᠢ

ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠠᠵᠢᠯ ᠢ

ᠬᠠᠷᠢᠭᠤᠴᠠᠨ᠎ᠠ᠃

      

         ︵ᠳᠥᠷᠪᠡ︶ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠠᠵᠤ 

ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ

ᠲᠥᠷᠥ ᠶᠢᠨ ᠪᠣᠳᠣᠯᠭ᠎ᠠ ᠪᠠ ᠠᠵᠤ ᠦᠶ᠋ᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠲᠦᠷᠦᠯ ᠳᠤ ᠣᠷᠣᠬᠤ

ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠤᠱᠯᠠᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠯ ᠤᠨ

ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ

ᠬᠠᠷᠢᠭᠤᠴᠠᠨ᠎ᠠ᠃ ᠬᠤᠰᠢᠭᠤᠨ ᠤ ᠳᠠᠪᠤᠰᠤᠨ ᠤ ᠦᠢᠯᠡᠰ ᠤᠨ ᠭᠤᠤᠯ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ

ᠪᠥᠬᠦ ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠶ ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃

      

          ︵ᠲᠠᠪᠤ︶ ᠠᠵᠤ ᠦᠶ᠋ᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠦᠭᠦ ᠬᠤᠰᠢᠭᠤᠨ ᠤ ᠠᠵᠤ ᠦᠢᠯᠡᠳᠪᠦᠷᠢ ᠶᠢᠨ  ᠡᠨᠧᠷᠬᠢ

ᠠᠷᠪᠢᠯᠠᠬᠤ᠂ ᠡᠬᠢ ᠪᠠᠶᠠᠯᠢᠭ ᠢ ᠪᠦᠭᠦ ᠲᠠᠯ᠎ᠠ ᠪᠠᠷ ᠠᠰᠢᠭᠯᠠᠬᠤ᠂ ᠡᠬᠢ ᠪᠠᠶᠠᠯᠢᠭ ᠤᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠵᠢᠴᠢ

ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ  ᠦᠢᠯᠡᠳᠪᠤᠷᠢ ᠶᠢᠨ ᠪᠣᠬᠢᠷᠲᠤᠯ ᠥᠬᠡᠶ ᠬᠥᠭᠵᠢᠯᠲᠡ ᠶᠢᠨ

ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶ᠋ᠯ ᠪᠠ ᠰᠢᠨ᠎ᠡ ᠦᠶ᠋ᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ

ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠬᠢ  ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ  ᠢ

ᠬᠠᠷᠢᠭᠤᠴᠠᠨ᠎ᠠ᠃

     

          ︵ᠵᠢᠷᠭᠤᠭ᠎ᠠ︶ ᠪᠥᠬᠦ ᠬᠤᠰᠢᠭᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠬᠡᠨ ᠤ ᠦᠢᠯᠡᠰ ᠤᠨ ᠰᠢᠨ᠎ᠡ ᠶᠢ

ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠤᠷᠢᠯᠠᠬᠦ ᠵᠢᠭᠠᠬᠤ ᠰᠤᠳᠤᠯᠬᠤ ᠬᠡᠷᠡᠭᠯᠡᠬᠦ ᠶᠢ

ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠬᠠᠮᠢᠶ᠎ᠠ ᠪᠥᠬᠦᠶ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠠᠵᠤ  ᠦᠢᠯᠡᠰ ᠤᠨ

ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ

ᠪᠦᠲᠦᠭᠡᠯ ᠤᠨ ᠠᠵᠤ ᠦᠶᠢᠯᠡᠰᠵᠢᠯᠲᠡ ᠶᠢ ᠠᠵᠤ  ᠦᠢᠯᠡᠳᠪᠤᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭ

ᠡᠬᠦᠳᠬᠦ ᠢ ᠬᠠᠷᠢᠭᠤᠴᠠᠨ᠎ᠠ᠃

      

          ︵ᠳᠣᠯᠤᠭ᠎ᠠ︶ ᠲᠣᠨᠤᠭ ᠲᠥᠬᠦᠭᠡᠷᠦᠮᠵᠢ  ᠦᠢᠯᠡᠳᠬᠦ  ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂

ᠮᠡᠷᠭᠡᠵᠢᠯ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂

ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠥᠬᠦ ᠬᠤᠰᠢᠭᠤᠨ ᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ

ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠶ᠋ᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠲᠠᠭᠠᠨ 

ᠦᠢᠯᠡᠳᠪᠤᠷᠢᠯᠠᠬᠦ ᠶᠢ ᠠᠬᠢᠭᠤᠯᠤᠨ᠂ ᠣᠷᠣᠭᠤᠯᠤᠨ ᠠᠪᠴᠢᠷᠠᠭᠰᠠᠨ ᠮᠡᠷᠭᠡᠵᠢᠯ ᠲᠣᠨᠤᠭ ᠲᠥᠬᠦᠭᠡᠷᠦᠮᠵᠢ ᠶᠢᠨ ᠰᠢᠩᠭᠡᠭᠡᠯᠲᠡ ᠶᠢᠨ ᠰᠢᠨ᠎ᠡ ᠶᠢ ᠡᠭᠦᠳᠬᠦ ᠶᠢ

ᠵᠢᠯᠣᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃

     

          ︵ᠨᠢᠢᠮᠠ︶ ᠠᠵᠤ  ᠦᠢᠯᠡᠳᠪᠤᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ

ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ  ᠢᠨᠲ᠋ᠧᠷ ᠰᠦᠯᠵᠢᠶ᠎ᠡ᠂ ᠵᠥᠭᠡᠯᠡᠨ ᠬᠡᠷᠡᠭᠰᠡᠯ ᠤᠨ

ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ

ᠮᠡᠳᠡᠭᠡ ᠵᠠᠩᠭᠢ ᠶᠢᠨ ᠠᠮᠤᠷ ᠲᠦᠪᠰᠢᠨ ᠢ ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠦᠯᠵᠢᠶᠡᠨ ᠤ

ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ

ᠪᠥᠲᠥᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃

    

          ︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ

ᠬᠥᠭᠵᠢᠯᠲᠡ ᠶᠢᠨ ᠬᠤᠷᠸ᠎ᠠ ᠵᠢᠯᠤᠭᠤᠳᠤᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ

ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃

   

           ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃

   

           ︵ᠠᠷᠪᠠᠨ ᠨᠢᠭᠡ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃

      

          1. ᠬᠤᠰᠢᠭᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠤᠨ ᠬᠠᠮᠢᠶ᠎ᠠ

ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠠᠵᠤ  ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ  ᠦᠢᠯᠡᠳᠪᠤᠷᠢ ᠶᠢᠨ

ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ  ᠦᠢᠯᠡᠳᠪᠤᠷᠢ ᠶᠢᠨ  ᠢᠨᠲ᠋ᠧᠷ ᠰᠦᠯᠵᠢᠶᠡᠨ ᠤ ᠬᠥᠭᠵᠢᠯᠲᠡ ᠶᠢ ᠠᠬᠢᠭᠤᠯᠤᠨ᠂

ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ

ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃

   

         2. ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶ ᠯᠤᠭ᠎ᠠ ᠶᠢᠨ ᠬᠠᠮᠢᠶ᠎ᠠ ᠪᠥᠬᠦᠶ ᠡᠭᠦᠷᠭᠡ

ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠠᠵᠤ  ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠬᠥᠭᠵᠢᠭᠦᠯᠦᠯᠲᠡ ᠥᠭᠡᠷᠡᠴᠢᠯᠡᠯᠲᠡ ᠶᠢᠨ

ᠵᠥᠪᠯᠡᠯ ︵ᠡᠨᠧᠷᠭᠢ ᠶᠢᠨ ᠲᠣᠪᠴᠢᠶ᠎ᠠ︶ ᠨᠢ ᠪᠥᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ

ᠵᠢᠱᠢᠭᠰᠡᠨ ᠲᠣᠬᠢᠷᠠᠭᠤᠯᠤᠯᠲᠠ ᠶᠢᠨ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ

ᠬᠤᠰᠢᠭᠤᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ

ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃

ᠢᠷᠡᠯᠲᠡ᠄ ᠲᠤᠰ ᠰᠦᠯᠵᠢᠶ᠎ᠠ