ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2021/11/23

        ︵ᠨᠢᠭᠡ︶ ᠡᠭᠦᠷᠭᠡ  ᠴᠢᠳᠡᠪᠬᠢ ᠶᠢᠨ ᠲᠤᠬᠢᠷᠠᠭᠤᠯᠤᠯᠳᠠ

      

         ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ

ᠮᠥᠴᠢᠷ᠂ ᠳᠣᠤᠷᠠᠬᠢ ᠡᠭᠦᠷᠭᠡ ᠬᠠᠷᠢᠭᠤᠴᠠᠯᠭ᠎ᠠ ᠲᠠᠢ᠄

         ᠪᠥᠬᠦ ᠬᠤᠰᠢᠭᠤᠨ ᠤ ᠡᠯ᠎ᠡ ᠵᠠᠰᠠᠭ ᠵᠠᠬᠢᠷᠭ᠎ᠠ ᠠᠵᠢᠯ  ᠦᠢᠯᠡᠰ ᠤᠨ ᠨᠢᠭᠡᠴᠡ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ

ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ

ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ

ᠡᠳ᠋ ᠤᠨ ᠵᠠᠰᠠᠭ ᠠᠵᠤ ᠠᠬᠤᠶ ᠶᠢᠨ ᠡᠮᠬᠢ ᠳᠢᠭᠯᠢᠮ ᠢ ᠬᠠᠮᠠᠭᠠᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠶ ᠪᠠ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ

ᠪᠠᠲᠤᠯᠠᠨ᠎ᠠ᠃ ᠬᠢᠨᠠᠨ ᠪᠤᠳᠤᠬᠤ᠂ ᠲᠤᠰᠬᠠᠶ  ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ

ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ

ᠬᠢᠯᠭᠡᠭᠰᠡᠨ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃

        ᠤᠯᠤᠰ ᠪᠠ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠲᠠ ᠶᠢᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ

ᠬᠦᠷᠢᠶ᠎ᠡ ᠴᠠᠷᠠᠭ᠎ᠠ ᠶᠢᠨ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔

ᠪᠦᠭᠦ ᠬᠤᠰᠢᠭᠤᠨ ᠤ  ᠵᠠᠰᠠᠭ ᠠᠵᠤ ᠠᠬᠤᠶ ᠵᠢᠴᠢ ᠬᠤᠯᠪᠣᠭᠳᠠᠯ ᠪᠦᠭᠦᠢ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠲᠤᠭᠤᠷᠪᠢᠬᠤ ᠳᠤ

ᠣᠷᠣᠯᠴᠠᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ  ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ

ᠬᠢᠵᠦ᠂ ᠬᠢᠨᠠᠨ ᠪᠤᠳᠤᠭᠰᠠᠨ ᠮᠡᠳᠡᠭᠦᠯᠦᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠬᠤ ᠬᠡᠷᠡᠭᠲᠡᠶ᠃ 

          ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠣᠨ ᠤ ᠲᠥᠰᠦᠪ ᠢ ᠬᠦᠢᠴᠠᠳᠬᠡᠭᠰᠠᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ

ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ︔ ᠬᠤᠰᠢᠭᠤᠨ ᠠᠷᠠᠳ ᠤᠨ ᠵᠠᠰᠠᠭ ᠤᠨ ᠣᠷᠳᠣᠨ ᠤ

ᠨᠠᠶᠢᠳᠠᠯᠭ᠎ᠠ ᠪᠠᠷ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠰᠢᠭᠤᠨ ᠲᠣᠰ ᠱᠠᠲᠤᠨ ᠤ ᠲᠥᠰᠦᠪ ᠢ

ᠭᠦᠶ᠋ᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ

ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ  ᠰᠢᠢᠳᠪᠤᠷᠢᠯᠡᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ︔ ᠬᠤᠰᠢᠭᠤᠨ ᠠᠷᠠᠳ ᠤᠨ

ᠵᠠᠰᠠᠭ ᠤᠨ ᠣᠷᠳᠣᠨ ᠳᠤ ᠪᠤᠰᠤᠳ  ᠵᠦᠢᠯ ᠤᠨ ᠬᠢᠨᠠᠨ ᠪᠤᠳᠤᠯᠲᠠ ᠪᠠ ᠲᠤᠰᠬᠠᠶ  ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ

ᠳ᠋ᠦᠩ ᠢ ᠮᠡᠳᠡᠭᠦᠯᠦᠨ᠎ᠡ︔ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠬᠠᠤᠯᠢ ᠶᠣᠰᠣᠭᠠᠷ ᠨᠡᠶᠢᠭᠡᠮ ᠳᠤ ᠬᠢᠨᠠᠨ ᠪᠤᠳᠤᠭᠰᠠᠨ ᠦᠷ᠎ᠡ

ᠳ᠋ᠦᠩ ᠢ ᠨᠡᠶᠢᠲᠡᠯᠡᠨ᠎ᠡ︔ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠬᠢᠨᠠᠨ ᠪᠤᠳᠤᠬᠤ ᠲᠥᠷᠥᠯ  ᠵᠦᠢᠯ ᠢ ᠬᠤᠰᠢᠭᠤᠨ

ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠬᠢᠨᠠᠨ

ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠦᠯᠦᠨ᠎ᠡ᠃

         ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠬᠤ᠂ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠬᠤ᠂ ᠬᠠᠤᠯᠢ ᠪᠠᠷ ᠲᠣᠭᠲᠠᠭᠠᠭᠰᠠᠨ ᠡᠷᠬᠡ

ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ  ᠰᠢᠢᠳᠪᠤᠷᠢᠯᠠᠵᠤ ᠰᠢᠳᠬᠡᠬᠦ

ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠨ᠎ᠡ᠃

          1. ᠬᠤᠰᠢᠭᠤᠨ ᠱᠠᠲᠤᠨ ᠤ ᠲᠥᠰᠦᠪ ᠢ ᠬᠦᠢᠴᠡᠳᠬᠡᠭᠰᠠᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠰᠢᠭᠤᠳ

ᠬᠠᠷᠢᠶ᠎ᠠ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠶᠢ ᠪᠠᠭᠲᠠᠭᠠᠨ᠎ᠠ︶ ᠤᠨ ᠲᠥᠰᠦᠪ ᠢ  ᠬᠦᠢᠴᠡᠳᠬᠡᠭᠰᠠᠨ ᠪᠠᠶᠢᠳᠠᠯ᠂ ᠲᠥᠰᠦᠪ ᠤᠨ ᠭᠦᠶ᠋ᠴᠡᠳᠬᠡᠯ ᠪᠠ

ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠃

          2. ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠥᠰᠦᠪ ᠢ  ᠬᠦᠢᠴᠡᠳᠬᠡᠭᠰᠠᠨ ᠪᠠᠶᠢᠳᠠᠯ᠂ ᠲᠥᠰᠦᠪ ᠤᠨ  ᠬᠦᠢᠴᠡᠳᠬᠡᠯ ᠪᠠ

ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ᠂ ᠬᠤᠰᠢᠭᠤᠨ ᠤ ᠡᠳ᠋ ᠤᠨ ᠵᠠᠰᠠᠭ ᠤᠨ ᠰᠢᠯᠵᠢᠭᠦᠯᠦᠨ

ᠥᠭᠬᠦ ᠪᠠᠯᠠ ᠮᠥᠩᠭᠦ᠃

          3. ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠠᠵᠢᠯ  ᠦᠢᠯᠡᠰ ᠤᠨ ᠨᠢᠭᠡᠴᠡ ᠪᠠ ᠨᠡᠶᠢᠭᠡᠮ ᠤᠨ

ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃

          4. ᠬᠤᠰᠢᠭᠤᠨ ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠪᠠᠯᠠ

ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠥᠰᠦᠪ ᠢ ᠭᠦᠶ᠋ᠴᠡᠳᠬᠡᠭᠰᠡᠨ ᠪᠠᠶᠢᠳᠠᠯ ᠪᠠ ᠲᠥᠰᠦᠪ ᠤᠨ

ᠭᠦᠶ᠋ᠴᠡᠳᠬᠡᠯ᠃

          5. ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ

ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ

ᠭᠦᠶ᠋ᠯᠭᠡᠭᠡᠨ ᠤ ᠪᠠᠶᠢᠭᠤᠯᠤᠮᠵᠢ ᠶᠢᠨ ᠬᠥᠷᠥᠩᠭᠡ᠂ ᠥᠷᠢ ᠪᠠ ᠣᠯᠵᠠᠪᠤᠷᠢ ᠠᠯᠳᠠᠪᠤᠷᠢ᠃

          6. ᠬᠤᠰᠢᠭᠤᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠪᠠ ᠨᠡᠶᠢᠭᠡᠮ ᠤᠨ ᠪᠦᠯᠬᠦᠮ ᠨᠢ ᠬᠤᠰᠢᠭᠤᠨ ᠠᠷᠠᠳ ᠤᠨ ᠵᠠᠰᠠᠭ ᠤᠨ

ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠪᠠᠯᠠ ᠮᠥᠩᠭᠦ᠂ ᠨᠡᠶᠢᠭᠡᠮ ᠤᠨ ᠬᠠᠨᠳᠢᠪ ᠤᠨ ᠪᠠᠯᠠ ᠮᠥᠩᠭᠦ ᠵᠢᠴᠢ ᠪᠤᠰᠤᠳ ᠬᠤᠯᠪᠣᠭᠳᠠᠯ ᠪᠥᠬᠦᠶ ᠰᠠᠭᠤᠷᠢ ᠮᠥᠩᠭᠦ᠂ ᠪᠠᠯᠠ ᠮᠥᠩᠭᠦ ᠶᠢᠨ

ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ 

          7᠂ ᠬᠤᠳᠠ ᠶᠢᠨ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠡᠷᠬᠡ ᠣᠯᠭᠤᠭᠰᠠᠨ ᠪᠤᠰᠤᠳ ᠬᠢᠨᠠᠨ ᠪᠤᠳᠤᠬᠤ ᠵᠦᠢᠯᠡᠰ᠃

          8᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠬᠡᠷᠡᠭᠲᠡᠶ ᠭᠡᠵᠦ

ᠲᠣᠭᠲᠠᠭᠠᠭᠰᠠᠨ ᠪᠤᠰᠤᠳ ᠵᠦᠢᠯ ᠤᠳ᠃

          ᠲᠠᠪᠤ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢ

ᠶᠣᠰᠣᠭᠠᠷ ᠬᠤᠰᠢᠭᠤᠨ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ

ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠯᠲᠠ ᠶᠢ ᠬᠡᠷᠡᠭᠵᠢᠭᠦᠯᠦᠨ᠎ᠡ᠃

          ᠵᠢᠷᠭᠤᠭ᠎ᠠ᠂ ᠤᠯᠤᠰ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠦ ᠶᠢᠨ

ᠪᠤᠳᠤᠯᠭ᠎ᠠ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ

ᠲᠥᠰᠦᠪ ᠤᠨ ᠬᠠᠮᠢᠶᠠᠷᠤᠯᠲᠠ ᠪᠤᠶᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠡᠳ᠋ ᠤᠨ ᠵᠠᠰᠠᠭ ᠤᠨ ᠣᠷᠣᠯᠭ᠎ᠠ

ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠬᠡᠷᠡᠭ ᠶᠠᠪᠤᠳᠠᠯ ᠳᠤ ᠲᠤᠰᠬᠠᠶ ᠵᠦᠢᠯ ᠤᠨ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠬᠦ ᠶᠢ ᠵᠣᠬᠢᠶᠠᠨ

ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ ᠡᠬᠢ ᠪᠠᠶᠠᠯᠢᠭ᠂ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠲᠠᠲᠠᠪᠤᠷᠢ ᠳᠤ

ᠬᠤᠯᠪᠣᠭᠳᠠᠬᠤ ᠪᠤᠰᠤᠳ ᠨᠢᠭᠡᠴᠢ ᠳᠤ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃

         ᠳᠣᠯᠤᠭ᠎ᠠ᠂ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠪᠠᠷ

ᠢᠯᠡᠷᠡᠭᠦᠯᠦᠭᠰᠡᠨ ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ  ᠰᠢᠢᠳᠪᠤᠷᠢᠯᠠᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ

ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠬᠤᠰᠢᠭᠤᠨ ᠤ ᠠᠷᠠᠳ ᠤᠨ ᠵᠠᠰᠠᠭ ᠤᠨ

ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠥᠬᠦᠶ  ᠵᠦᠢᠯᠡᠰ ᠢ ᠬᠠᠤᠯᠢ ᠶᠣᠰᠣᠭᠠᠷ ᠬᠦᠢᠴᠡᠳᠬᠡᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ

ᠬᠠᠮᠵᠢᠯᠴᠠᠨ ᠬᠤᠯᠪᠣᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠤᠷᠢᠯᠠᠨ᠎ᠠ᠃

        ᠨᠢᠢᠮᠨ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ

ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ

ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃

        ᠶᠢᠰᠦ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ  ᠵᠦᠢᠯᠠᠰ ᠢ ᠳᠠᠭᠠᠭᠠᠨ ᠬᠦᠢᠴᠡᠳᠬᠡᠨ᠎ᠠ᠃

       

          ︵ ᠬᠤᠶᠠᠷ︶  ᠬᠠᠷᠢᠯᠴᠠᠬᠤ ᠠᠷᠭ᠎ᠠ ᠮᠠᠶ᠋ᠢᠭ

          

          ᠬᠠᠷᠢᠯᠴᠠᠬᠤ ᠤᠲᠠᠰᠤ᠄ 0478 — 4666647

        

          ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ᠠᠴᠠ 12᠄ 00᠂ ᠦᠳᠡ ᠶᠢᠨ ᠬᠤᠶᠢᠨᠠᠬᠢ 15᠄ 00 ᠠᠴᠠ 18᠄ 00

      

          ᠠᠵᠢᠯᠯᠠᠬᠤ ᠭᠠᠵᠠᠷ᠄ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ 5

ᠳ᠋ᠤᠭᠠᠷ ᠠᠰᠠᠷ︔

      

                 

ᠢᠷᠡᠯᠲᠡ᠄ ᠲᠤᠰ ᠰᠦᠯᠵᠢᠶ᠎ᠠ