ᠤᠷᠠᠳ ᠤᠨ ᠬᠤᠶᠢᠲᠤ ᠬᠤᠰᠢᠭᠤᠨ ᠤ ᠣᠢ ᠰᠢᠭᠤᠶ  ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2021/11/23

 

       ᠨᠢᠬᠡ ᠂ ᠡᠭᠦᠷᠭᠡ ᠴᠢᠳᠡᠪᠬᠢ ᠶᠢᠨ ᠲᠣᠬᠢᠷᠠᠭᠤᠯᠤᠯᠲᠠ    

      

        ᠤᠷᠠᠳ ᠤᠨ ᠬᠤᠶᠢᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ

ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠤᠨ ᠰᠠᠯᠠᠭ᠎ᠠ ᠮᠥᠴᠢᠷ ᠪᠣᠯᠤᠨ᠎ᠠ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ

ᠪᠡᠯᠴᠢᠭᠡᠷ ᠵᠢᠴᠢ ᠠᠮᠢ ᠠᠬᠤᠶ ᠶᠢᠨ ᠰᠡᠷᠭᠦᠭᠡᠯᠲᠡ ᠶᠢᠨ ᠠᠵᠢᠯ ᠢ ᠭᠤᠤᠯᠯᠠᠨ ᠬᠠᠮᠢᠶᠠᠷᠴᠤ ᠪᠠᠶᠢᠭ᠎ᠠ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ᠃

        1. ᠣᠶ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠷᠭᠦᠭᠡᠯᠲᠡ ᠶᠢᠨ

ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ

ᠪᠠᠶᠢᠭᠤᠯᠤᠯᠲᠠ ᠪᠠ ᠵᠠᠰᠠᠨ ᠰᠡᠷᠭᠦᠭᠡᠬᠦ ᠳᠦᠷᠦ ᠶᠢᠨ ᠪᠤᠳᠤᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ

ᠬᠡᠷᠡᠭᠵᠢᠭᠦᠯᠵᠦ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠬᠠᠮᠵᠢᠨ ᠲᠤᠭᠤᠷᠪᠢᠨ᠎ᠠ᠃

ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠪᠠ  ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ

ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

        2. ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠡᠪᠡᠰᠦ

ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠣᠶᠢᠵᠢᠭᠤᠯᠵᠤ ᠨᠣᠭᠤᠭᠠᠷᠠᠭᠤᠯᠬᠤ ᠵᠢᠯᠣᠭᠤᠳᠣᠯᠭ᠎ᠠ ᠶᠢᠨ

ᠴᠢᠨᠠᠷᠲᠠᠶ ᠲᠥᠯᠥᠪᠯᠡᠭᠡ ᠶᠢ ᠲᠣᠭᠲᠠᠭᠠᠵᠤ᠂ ᠬᠤᠯᠪᠣᠭᠳᠠᠯ ᠪᠥᠬᠦᠶ ᠬᠤᠰᠢᠭᠤᠨ ᠤ ᠲᠠᠰ ᠤᠨ ᠪᠠᠷᠢᠮᠵᠢᠶ᠎ᠠ ᠪᠠ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ

ᠬᠡᠷᠡᠭᠵᠢᠭᠦᠯᠵᠦ᠂ ᠣᠶᠢᠵᠢᠭᠤᠯᠵᠤ ᠪᠠᠶᠢᠭ᠎ᠠ ᠪᠠᠶᠢᠳᠠᠯ ᠵᠢᠴᠢ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠲᠥᠷᠥᠯ ᠵᠦᠶ᠋ᠯ ᠳᠤ ᠬᠢᠨᠠᠯᠲᠠ ᠲᠠᠯᠪᠢᠵᠤ

ᠬᠢᠨᠠᠨ ᠪᠠᠶᠢᠴᠠᠭᠠᠯᠲᠠ ᠬᠢᠨ᠎ᠠ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ

ᠪᠠᠶᠢᠭᠤᠯᠤᠯᠲᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂

ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠤᠨ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ᠂ ᠬᠤᠲᠠ ᠬᠥᠳᠡᠭᠡ ᠶᠢᠨ

ᠨᠣᠭᠤᠭᠠᠷᠠᠭᠤᠯᠤᠯᠲᠠ ᠪᠠ ᠣᠶ ᠰᠢᠭᠤᠶᠢᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠵᠣᠬᠢᠶᠠᠨ ᠪᠠᠶᠢᠭᠤᠯᠤᠨ᠎ᠠ᠃

ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ

ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃

        3. ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶᠢᠲᠤ ᠭᠠᠵᠠᠷ ᠤᠨ

ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠬᠤᠰᠢᠭᠤᠨ ᠤ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ

ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠶᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ᠂ ᠤᠯᠤᠰ ᠤᠨ

ᠥᠮᠴᠢᠯᠡᠯᠲᠦ ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ

ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ

ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠨᠤᠭᠤ ᠭᠠᠵᠠᠷ ᠤᠨ

ᠬᠠᠮᠠᠭᠠᠯᠠᠯᠲᠠ ᠶᠢᠨ ᠲᠥᠯᠥᠪᠵᠢᠭᠦᠯᠭᠡ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ ᠲᠣᠭᠲᠠᠭᠠᠵᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ

ᠬᠢᠨᠠᠨ ᠬᠠᠮᠢᠶᠠᠷᠤᠨ᠎ᠠ᠃ 

       4. ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠴᠦᠯ ᠤᠨ ᠪᠠᠶᠢᠴᠠᠭᠠᠯᠲᠠ ᠶᠢ ᠵᠣᠬᠢᠶᠠᠨ

ᠪᠠᠶᠢᠭᠤᠯᠤᠨ ᠥᠷᠨᠢᠭᠦᠯᠵᠦ᠂ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ

ᠬᠠᠮᠠᠭᠠᠯᠠᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠤᠯᠪᠣᠭᠳᠠᠯ ᠪᠥᠬᠦᠢ ᠲᠥᠷᠥ ᠶᠢᠨ ᠪᠣᠳᠣᠯᠭ᠎ᠠ ᠶᠢᠨ ᠲᠥᠷᠢᠮ ᠢ ᠵᠣᠬᠢᠶᠠᠨ

ᠪᠠᠶᠢᠭᠤᠯᠤᠨ ᠲᠤᠭᠤᠷᠪᠢᠵᠤ᠂ ᠴᠦᠯᠡᠷᠭᠡᠭᠵᠢᠭᠰᠡᠨ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ

ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ 

       5. ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃  ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ

ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠳᠤ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠵᠤ ᠪᠠᠶᠢᠭ᠎ᠠ ᠬᠡᠭᠡᠷ᠎ᠡ ᠶᠢᠨ

ᠠᠮᠢᠲᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠳᠤ ᠲᠣᠬᠢᠷᠠᠭᠤᠯᠤᠯᠲᠠ ᠬᠢᠬᠦ ᠰᠠᠨᠠᠯ ᠳᠤᠷᠠᠳᠴᠤ᠂ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠵᠤ

ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ

ᠵᠢᠯᠣᠭᠤᠳᠴᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ  ᠦᠰᠬᠡᠨ

ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ 

       6᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠲᠥᠷᠥᠯ ᠤᠨ

ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ

ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ

ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠡᠯ᠎ᠡ ᠲᠥᠷᠥᠯ ᠤᠨ ᠤᠯᠤᠰ ᠤᠨ

ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠳᠣᠭᠢᠷᠠᠭᠤᠯᠬᠤ ᠶᠢ ᠬᠢᠨᠠᠨ

ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢᠨ

ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠪᠠᠶᠢᠭᠠᠯᠢ ᠶᠢᠨ

ᠪᠠ ᠰᠣᠶᠣᠯ ᠤᠨ ᠳᠠᠪᠬᠤᠷ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠬᠡᠷᠡᠭᠲᠡᠶ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ

ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     

       7. ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ

ᠵᠢᠯᠣᠭᠤᠳᠴᠤ᠂ ᠣᠶ ᠮᠣᠳᠣᠨ ᠤ ᠦᠷ᠎ᠡ ᠪᠠ ᠡᠪᠡᠰᠦᠨ ᠤ  ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠬᠤᠲᠠ ᠶᠢᠨ

ᠱᠠᠲᠤᠨ ᠤ ᠣᠶ ᠰᠢᠭᠤᠶ ᠡᠪᠡᠰᠦᠨ ᠤ ᠦᠷ᠎ᠡ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ

ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠶ᠋ᠯᠡᠳᠪᠦᠷᠢᠯᠡᠯ ᠡᠵᠡᠩᠨᠡᠯᠲᠡ ᠶᠢᠨ ᠦᠢᠯᠨ ᠠᠵᠢᠯᠯᠠᠭ᠎ᠠ ᠶᠢ

ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ

᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃     

      8᠂ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ

ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠠᠵᠤ  ᠦᠢᠯᠡᠰ ᠤᠨ ᠬᠠᠮᠢᠶ᠎ᠠ ᠪᠥᠬᠦᠶ ᠲᠥᠷᠥ ᠶᠢᠨ

ᠪᠣᠳᠣᠯᠭ᠎ᠠ ᠶᠢᠨ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠪᠦᠲᠦᠭᠡᠭᠳᠡᠬᠦᠨ ᠤ

ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ

᠃ ᠣᠶ ᠰᠢᠭᠤᠶ ᠡᠪᠡᠰᠦ ᠡᠯᠡᠰᠦᠨ ᠤ ᠠᠵᠤ  ᠦᠢᠯᠡᠰ ᠪᠠ ᠠᠵᠤ ᠠᠬᠤᠶ ᠶᠢᠨ ᠣᠶ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠶ ᠰᠢᠭᠤᠶ ᠡᠪᠡᠰᠦ ᠡᠯᠡᠰᠦᠨ ᠤ

ᠠᠵᠤ  ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠪᠥᠬᠦ ᠬᠤᠰᠢᠭᠤᠨ ᠤ ᠣᠶ

ᠰᠢᠭᠤᠶ ᠡᠪᠡᠰᠦ ᠡᠯᠡᠰᠦᠨ ᠤ ᠠᠵᠤ ᠦᠶ᠋ᠯᠡᠰ ᠪᠠ ᠠᠵᠤ ᠠᠬᠤᠶ ᠶᠢᠨ ᠣᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠣᠭᠤᠳᠴᠤ᠂ ᠣᠶ ᠰᠢᠭᠤᠶ ᠡᠪᠡᠰᠦ ᠡᠯᠡᠰᠦ

ᠪᠠ ᠠᠵᠤ ᠠᠬᠤᠶ ᠶᠢᠨ ᠣᠶ ᠶᠢᠨ ᠠᠵᠤ ᠦᠶ᠋ᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠂ ᠣᠶ ᠰᠢᠭᠤᠶ ᠶᠢᠨ ᠪᠦᠲᠦᠭᠡᠭᠳᠡᠬᠦᠨ ᠤ ᠶᠠᠰᠤ

ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠸᠠᠷ ᠤᠨ ᠣᠶ ᠶᠢᠨ ᠬᠥᠭᠵᠢᠯᠲᠡ ᠪᠠ ᠠᠰᠢᠭᠯᠠᠯᠲᠠ ᠶᠢ ᠵᠢᠯᠣᠭᠤᠳᠤᠨ᠎ᠠ᠃ ᠡᠯᠡᠰᠦᠨ

ᠴᠦᠯ ᠤᠨ ᠵᠢᠭᠤᠯᠴᠢᠯᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠠᠭᠠᠨ ᠭᠤᠶᠣᠣ᠂ ᠦᠵᠦᠮ  ᠤᠨ ᠠᠷᠢᠬᠢ ᠨᠡᠷᠡᠬᠦ ᠵᠡᠷᠭᠡ ᠠᠵᠤ ᠠᠬᠤᠶ ᠢ ᠬᠢᠨᠠᠨ ᠪᠠᠶᠢᠴᠠᠭᠠᠵᠤ᠂

ᠣᠶ ᠰᠢᠭᠤᠶ ᠶᠢᠨ ᠠᠮᠢ ᠠᠬᠤᠶ ᠶᠢᠨ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠳᠤ ᠬᠢᠨᠠᠨ ᠵᠥᠪᠰᠢᠶᠡᠷᠡᠵᠦ ᠬᠠᠮᠢᠶᠠᠷᠬᠤ ᠪᠠ ᠬᠢᠨᠠᠯᠲᠠ ᠲᠠᠯᠪᠢᠨ ᠪᠠᠶᠢᠴᠠᠭᠠᠵᠤ᠂

ᠮᠣᠳᠣᠨ ᠮᠠᠲ᠋ᠧᠷᠢᠶᠠᠯ ᠵᠢᠴᠢ ᠲᠡᠭᠦᠨ ᠤ ᠪᠦᠲᠦᠭᠡᠭᠳᠡᠬᠦᠨ ᠢ ᠲᠡᠭᠡᠭᠡᠪᠦᠷᠢᠯᠡᠬᠦ ᠵᠢᠴᠢ ᠡᠵᠡᠩᠨᠡᠵᠦ ᠡᠳ᠋ᠰᠢᠭᠦᠯᠬᠦ ᠳᠤ ᠬᠢᠨᠠᠯᠲᠠ ᠲᠠᠯᠪᠢᠨ ᠪᠠᠶᠢᠴᠠᠭᠠᠨ᠎ᠠ᠃ 

       9᠂ ᠪᠦᠭᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶ ᠲᠥᠯᠥᠪᠵᠢᠭᠦᠯᠭᠡ ᠶᠢᠨ ᠬᠠᠮᠢᠶ᠎ᠠ ᠪᠦᠭᠦᠢ ᠱᠠᠭᠠᠷᠳᠠᠯᠭ᠎ᠠ ᠶᠢ

ᠬᠠᠷᠢᠭᠤᠴᠠᠨ ᠨᠠᠶᠢᠳᠠᠪᠤᠷᠢᠵᠢᠭᠤᠯᠵᠤ᠂ ᠤᠢ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠪᠠ ᠰᠡᠷᠭᠡᠶᠢᠯᠡᠨ

ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠲᠣᠭᠤᠷᠢᠨ

ᠬᠠᠮᠠᠭᠠᠯᠠᠯᠲᠠ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ

ᠥᠷᠨᠢᠭᠦᠯᠦᠨ᠎ᠡ᠃ ᠤᠢ ᠰᠢᠭᠤᠶ ᠪᠣᠯᠤᠨ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ

ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠠᠮᠰᠢᠭ ᠤᠨ ᠳᠠᠷᠠᠭᠠᠬᠢ ᠵᠠᠰᠠᠯᠲᠠ ᠬᠢᠭᠡᠳ ᠭᠠᠮᠰᠢᠭ  ᠤᠨ ᠳᠠᠷᠠᠭᠠᠬᠢ ᠤᠷᠭᠤᠮᠠᠯ  ᠤᠨ

ᠬᠤᠴᠢᠯᠭ᠎ᠠ ᠶᠢ ᠰᠡᠷᠭᠦᠭᠡᠬᠦ  ᠠᠵᠢᠯ ᠲᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠴᠢᠬᠤᠯᠠ ᠲᠠᠢ ᠦᠶ᠎ᠡ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ

ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃ 

       10᠂ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ

ᠬᠠᠤᠯᠢ ᠶᠣᠰᠣᠭᠠᠷ ᠵᠠᠰᠠᠬᠤ ᠠᠵᠢᠯ ᠢ ᠵᠢᠯᠣᠭᠤᠳᠤᠨ᠎ᠠ᠃ 

       11᠂ ᠪᠦᠭᠦ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠭᠦᠢ ᠠᠵᠢᠯ ᠢ ᠬᠠᠷᠢᠭᠤᠴᠠᠨ ᠠᠬᠢᠭᠤᠯᠤᠨ᠎ᠠ᠃

ᠪᠥᠬᠦ ᠬᠤᠰᠢᠭᠤᠨ ᠤ ᠬᠠᠮᠲᠤ ᠶᠢᠨ ᠣᠶ ᠮᠣᠳᠣᠨ ᠤ ᠡᠷᠬᠡ ᠶᠢᠨ ᠲᠦᠷᠢᠮ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠠ ᠨᠤᠲᠤᠭ ᠪᠡᠯᠴᠢᠭᠡᠷ

ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ

ᠲᠠᠷᠢᠶᠠᠯᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠶ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ

ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ

ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ

ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠰᠢᠭᠤᠶ ᠶᠢᠨ

ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠪᠠ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠠᠵᠢᠯ ᠳᠤ ᠬᠢᠨᠠᠯᠲᠠ ᠲᠠᠯᠪᠢᠨ᠎ᠠ᠃ 

       12 ᠂ ᠰᠠᠯᠠᠭ᠎ᠠ ᠮᠥᠴᠢᠷ ᠤᠨ ᠲᠥᠰᠦᠪ ᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠶ ᠪᠠ ᠨᠤᠲᠤᠭ

ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ

ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ

ᠲᠣᠭᠲᠠᠭᠠᠯ ᠶᠣᠰᠣᠭᠠᠷ ᠵᠣᠬᠢᠶᠠᠨ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠠᠯᠠ

ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠶᠢᠨ

ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ

ᠪᠠᠶᠢᠭᠤᠯᠤᠯᠲᠠ ᠶᠢᠨ ᠣᠨ ᠤ  ᠦᠢᠯᠡᠳᠪᠤᠷᠢᠯᠠᠯ ᠤᠨ ᠲᠥᠯᠥᠪᠯᠡᠭᠡ ᠶᠢ  ᠨᠠᠶᠢᠷᠠᠭᠤᠯᠤᠨ᠎ᠠ᠃

       13᠂ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠤᠨ ᠭᠠᠳᠠᠭᠠᠳᠤ ᠲᠠᠢ ᠰᠣᠯᠢᠯᠴᠠᠭ᠎ᠠ

ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠢ ᠰᠢᠭᠤᠶ ᠪᠣᠯᠤᠨ ᠲᠠᠯ᠎ᠠ ᠨᠤᠲᠤᠭ ᠤᠨ

ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ 

       14᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ 

       15᠂ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠤᠷᠠᠳ ᠤᠨ ᠬᠤᠶᠢᠲᠤ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ

ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ

ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ

ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ ᠶᠡᠭᠡ ᠪᠠᠷ ᠠᠬᠢᠭᠤᠯᠵᠤ᠂ ᠠᠮᠢ

ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠯ᠎ᠡ

ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠢᠬᠡᠳᠬᠡᠬᠦ ᠠᠵᠢᠯ ᠢ ᠨᠢᠭᠡᠳᠦᠯᠲᠡᠶ ᠲᠦᠯᠬᠢᠨ ᠠᠬᠢᠭᠤᠯᠤᠨ᠎ᠠ᠃

        

        ᠬᠤᠶᠠᠷ ᠂ ᠬᠠᠷᠢᠯᠴᠠᠬᠤ ᠠᠷᠭ᠎ᠠ ᠮᠠᠶ᠋ᠢᠭ

       

        ᠬᠠᠷᠢᠯᠴᠠᠬᠤ ᠤᠲᠠᠰᠤ᠄ 0478 — 4665085

       

        ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ᠠᠴᠠ 12᠄ 00᠂ ᠦᠳᠡ ᠶᠢᠨ ᠬᠤᠶᠢᠨᠠᠬᠢ 15᠄ 00 ᠠᠴᠠ 18᠄ 00 

       

        ᠠᠵᠢᠯᠯᠠᠬᠤ ᠭᠠᠵᠠᠷ᠄ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤ᠂  ᠰᠠᠶᠢᠬᠤᠰᠤ ᠵᠠᠮ᠃ 

        

        ᠰᠢᠦᠳᠠᠨ ᠳ᠋ᠤᠭᠠᠷ᠄ 015543 

       

        ᠢᠮᠧᠯ᠄ guzhanqiang@126.com

ᠢᠷᠡᠯᠲᠡ᠄ ᠲᠤᠰ ᠰᠦᠯᠵᠢᠶ᠎ᠠ