ᠬᠤᠳᠠ ᠶᠢᠨ ᠵᠠᠰᠠᠭ ᠤᠨ ᠤᠷᠳᠤᠨ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠰᠤᠷᠤᠯᠴᠠᠬᠤ  ᠦᠷᠬᠡᠳᠬᠡᠭᠰᠡᠨ  ᠬᠤᠷᠠᠯ ᠵᠢᠴᠢ 2021 ᠤᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
  
2021/11/26
           11 ᠰᠠᠷ᠎ᠠ ᠶᠢᠨ 17   ᠡᠳᠦᠷ᠂ ᠬᠤᠳᠠ ᠶᠢᠨ ᠵᠠᠰᠠᠭ ᠤᠨ ᠤᠷᠳᠤᠨ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠰᠤᠷᠤᠯᠴᠠᠬᠤ  ᠦᠷᠬᠡᠳᠬᠡᠭᠰᠡᠨ   ᠬᠤᠷᠠᠯ ᠵᠢᠴᠢ 2021 ᠤᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠤᠷᠤᠯᠠᠭᠴᠢ ᠬᠤᠳᠠ ᠶᠢᠨ ᠳᠠᠷᠤᠭ᠎ᠠ ᠸᠠᠩ ᡁᠢ ᠫᠢᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠳᠠᠯᠪᠢᠵᠤ᠂ ᠬᠤᠳᠠ   ᠤᠳᠤᠷᠢᠳᠤᠯᠭ᠎ᠠ ᠹᠧᠩ ᠠᠢ ᠰᠢᠶᠠ᠂ ᠢᠤᠢ ᠯᠢ ᠶᠢᠩ᠂ ᠭᠦᠸᠧ ᠵᠠᠨ ᠵᠢᠶᠠᠩ᠂ ᠳ᠋ᠦ᠋ ᠪᠦᠸᠧ ᠵᠢᠶᠦ᠋ᠨ᠂ ᠵᠤᠤ ᠸᠧᠢ ᠹᠧᠩ᠂ ᠳᠠᠷᠬᠠᠨᠬᠦᠦ᠂ ᠠᠴᠢᠳᠤ ᠬᠤᠷᠠᠯ ᠳᠤ ᠤᠷᠤᠯᠴᠠᠪᠠ᠃           ᠬᠤᠷᠠᠯ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠸᠠᠩ ᡁᠢ ᠫᠢᠩ ᠴᠢᠬᠤᠯᠠᠴᠢᠯᠠᠬᠤ ᠳᠠᠭᠠᠨ᠂ 《 ᠨᠠᠮ ᠤᠨ ᠵᠠᠭᠤᠨ ᠵᠢᠯ ᠤᠨ ᠳᠡᠮᠡᠴᠡᠯ ᠤᠨ ᠴᠢᠬᠤᠯᠠ ᠶᠡᠭᠡ ᠠᠮᠵᠢᠯᠳᠠ ᠪᠦᠳᠦᠮᠵᠢ ᠪᠠ ᠳᠡᠤᠬᠡᠨ ᠳᠤᠷᠰᠢᠯᠭ᠎ᠠ ᠶᠢᠨ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠢᠢᠳᠪᠤᠷᠢ 》  ᠡᠯᠪᠡᠭ ᠪᠠᠶᠠᠯᠢᠭ ᠠᠭᠤᠯᠬᠤᠨ ᠪᠠ ᠵᠤᠷᠢᠭ ᠰᠠᠨᠠᠭᠠᠨ ᠤ ᠮᠦᠨ ᠴᠢᠨᠠᠷ ᠢ ᠬᠦᠨᠵᠡᠭᠡᠢ ᠰᠤᠷᠤᠯᠴᠠᠨ ᠨᠠᠷᠢᠨ ᠤᠢᠢᠯᠠᠭᠠᠵᠤ᠂ ᠳᠡᠭᠦᠨ ᠤ ᠳᠤᠮᠳᠠ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠤᠯᠬᠤ ᠬᠡᠷᠡᠭᠳᠠᠢ᠃ ᠨᠠᠮ ᠤᠨ ᠵᠠᠭᠤᠨ ᠵᠢᠯ ᠤᠨ ᠳᠡᠮᠡᠴᠡᠯ ᠤᠨ ᠴᠢᠬᠤᠯᠠ ᠶᠡᠭᠡ ᠠᠮᠵᠢᠯᠳᠠ ᠪᠦᠳᠦᠮᠵᠢ ᠪᠠ ᠳᠡᠤᠬᠡᠳᠤ ᠠᠴᠢ ᠬᠤᠯᠪᠤᠭᠳᠠᠯ ᠢ ᠵᠦᠪ ᠤᠨᠤᠪᠴᠢᠳᠠᠢ ᠡᠵᠡᠮᠰᠢᠵᠦ᠂ ᠨᠠᠮ ᠪᠠ ᠤᠯᠤᠰ ᠤᠨ ᠠᠵᠢᠯ ᠦᠢᠯᠡᠰ ᠤᠨ ᠣᠮᠣᠭᠰᠢᠯᠲᠠᠢ ᠠᠮᠵᠢᠯᠳᠠ ᠪᠦᠳᠦᠮᠵᠢ ᠶᠢᠨ ᠳᠤᠮᠳᠠ ᠠᠴᠠ ᠢᠳᠡᠭᠡᠯ ᠵᠤᠷᠢᠭ ᠢᠶᠠᠨ ᠪᠠᠳᠤᠳᠬᠠᠨ᠂ ᠡᠷᠴᠢ ᠵᠤᠷᠢᠭ ᠢᠶᠠᠨ ᠬᠦᠪᠴᠢᠯᠡᠬᠦ ᠬᠡᠷᠡᠭᠳᠠᠢ᠃ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠤᠨ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠳᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠦᠷᠦᠯ ᠤᠨ ᠬᠠᠷᠠᠯᠳᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠳᠤᠭᠳᠠᠭᠤᠨ ᠡᠷᠡᠭᠦᠯ ᠬᠦᠭᠵᠢᠯᠳᠡ ᠶᠢ ᠪᠠᠳᠤᠯᠠᠬᠤ ᠬᠡᠷᠡᠭᠳᠠᠢ ᠭᠡᠪᠡ᠃           ᠬᠤᠷᠠᠯ ᠳᠤ ᠲᠦᠪ ᠤᠨ ᠴᠢᠳᠠᠪᠤᠷᠢᠳᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠳᠠᠩᠰᠠ ᠡᠪᠬᠡᠮᠡᠯ ᠤᠨ ᠠᠵᠢᠯ ᠤᠨ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ᠂ 《〈ᠠᠷᠪᠠᠨ ᠲᠦᠷᠪᠡᠳᠦᠭᠡᠷ ᠳᠠᠪᠤᠨ ᠵᠢᠯ〉 ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠬᠡᠷᠡᠭᠵᠢᠭᠦᠯᠬᠦ ᠲᠦᠰᠦᠯ》  ᠤᠯᠠᠮᠵᠢᠯᠠᠨ ᠰᠤᠷᠤᠯᠴᠠᠵᠤ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ᠬᠤᠷᠠᠯ ᠳᠤ ᠪᠦᠬᠦ ᠬᠤᠳᠠ ᠶᠢᠨ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃              ᠬᠤᠷᠠᠯ ᠳᠤ 《  ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ   ᠨᠠᠮ ᠤᠨ ᠤᠳᠤᠷᠢᠳᠬᠤ ᠳᠤᠭᠤᠢᠢᠯᠠᠩ  ᠤ 〈ᠭᠤᠷᠪᠠᠨ ᠴᠢᠬᠤᠯᠠ ᠨᠢᠭᠡ ᠳᠤᠮᠤ 〉 ᠶᠠᠪᠤᠳᠠᠯ ᠢ ᠬᠠᠮᠳᠤ ᠪᠠᠷ ᠰᠢᠢᠳᠬᠦ ᠠᠵᠢᠯ ᠤᠨ ᠲᠦᠷᠢᠮ  ᠶᠠᠷᠢᠯᠴᠠᠬᠤ ᠨᠤᠤᠷᠠᠭ 》《 ᠪᠠᠶᠠᠨᠨᠠᠭᠤᠷ ᠬᠤᠳᠠ ᠶᠢᠨ 〈ᠭᠤᠷᠪᠠᠨ ᠱᠤᠭᠤᠮ ᠨᠢᠭᠡ ᠨᠠᠷᠢᠨ ᠳᠠᠩᠰᠠ〉 ᠶᠢᠨ ᠠᠮᠢ ᠠᠬᠤᠢ ᠶᠢᠨ ᠤᠷᠴᠢᠨ ᠳᠤᠭᠤᠷᠢᠨ ᠢ ᠤᠷᠤᠨ ᠬᠤᠪᠢᠶᠠᠵᠤ ᠬᠠᠮᠢᠶᠠᠷᠤᠨ ᠡᠵᠡᠮᠳᠡᠬᠦ ᠲᠦᠰᠦᠯ  ᠶᠠᠷᠢᠯᠴᠠᠬᠤ ᠨᠤᠤᠷᠠᠭ 》《  ᠪᠠᠶᠠᠨᠨᠠᠭᠤᠷ ᠬᠤᠳᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢ ᠳᠡᠮᠵᠢᠨ ᠱᠠᠩᠨᠠᠬᠤ ᠠᠷᠭ᠎ᠠ  ᠶᠠᠷᠢᠯᠴᠠᠬᠤ ᠨᠤᠤᠷᠠᠭ 》《  ᠪᠠᠶᠠᠨᠨᠠᠭᠤᠷ ᠬᠤᠳᠠ ᠶᠢᠨ ᠬᠦᠳᠡᠭᠡ ᠳᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠤᠨ ᠠᠵᠢᠯ ᠤᠨ ᠲᠦᠰᠦᠯ  ᠶᠠᠷᠢᠯᠴᠠᠬᠤ ᠨᠤᠤᠷᠠᠭ 》《  ᠪᠠᠶᠠᠠᠨᠠᠭᠤᠷ ᠬᠤᠳᠠ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢ ᠶᠢᠨ ᠳᠠᠰᠬᠠᠯ ᠤᠨ ᠳᠠᠷᠤᠭᠠᠰᠤ ᠬᠢᠭᠡᠳ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠦᠩᠭᠡᠷᠡᠭᠦᠯᠬᠦ ᠬᠡᠷᠡᠭᠵᠢᠭᠦᠯᠬᠦ ᠲᠦᠰᠦᠯ  ᠶᠠᠷᠢᠯᠴᠠᠬᠤ ᠨᠤᠤᠷᠠᠭ 》 ᠢ ᠰᠤᠳᠤᠯᠬᠤ ᠶᠢᠨ ᠬᠠᠮᠳᠤ ᠵᠠᠷᠴᠢᠮ ᠳᠡᠭᠡᠷ᠎ᠡ ᠪᠠᠨ ᠵᠦᠪᠰᠢᠶᠡᠷᠡᠪᠡ᠃       
            