ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
  
2021/11/26
          11 ᠰᠠᠷ᠎ᠠ ᠶᠢᠨ 22   ᠡᠳᠥᠷ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᡁᠢ ᠫᠢᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠴᠢᠩᠭ᠎ᠠ ᠠᠳᠬᠤᠵᠤ᠂ ᠪᠠᠶᠠᠨᠨᠠᠭᠤᠷ ᠤᠨ ᠬᠥᠬᠡᠮᠳᠦᠭ ᠨᠣᠭᠤᠭᠠᠨ ᠦᠩᠭᠡ ᠦᠵᠡᠮᠵᠢ ᠶᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠸᠠᠩ ᡁᠢ ᠫᠢᠩ ᠵᠢᠭᠠᠵᠤ ᠭᠠᠷᠭᠠᠬᠤ ᠳᠠᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠳᠡᠭᠡᠳᠦ ᠱᠠᠲᠤᠨ ᠤ ᠤᠳᠠᠭ᠎ᠠ ᠪᠦᠷᠢ ᠶᠢᠨ ᠬᠢᠨᠠᠨ ᠪᠠᠶᠢᠴᠠᠭᠠᠬᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠬᠤᠯᠪᠣᠭᠳᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠢᠩᠭ᠎ᠠ ᠠᠩᠬᠠᠷᠴᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠡᠳᠥᠷ ᠳᠤᠳᠤᠮ ᠤᠨ ᠠᠵᠢᠯ ᠤᠨ ᠳᠤᠮᠳᠠ ᠢᠯᠡᠷᠡᠭᠦᠯᠦᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠩᠭᠡᠨ ᠲᠠᠯ᠎ᠠ ᠪᠠ ᠤᠭ ᠦᠨᠳᠥᠰᠦ ᠶᠢ ᠨᠢ ᠵᠡᠷᠭᠡᠪᠡᠷ ᠵᠠᠰᠠᠵᠤ᠂ ᠳᠦᠷᠢᠮ ᠤᠨ ᠲᠣᠭᠲᠠᠯᠴᠠᠭ᠎ᠠ ᠪᠣᠯᠤᠨ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃          ᠸᠠᠩ ᡁᠢ ᠫᠢᠩ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠲᠦᠷᠭᠡᠨ ᠠᠵᠢᠯᠯᠠᠭ᠎ᠠ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠪᠣᠳᠠᠲᠠᠶᠢᠵᠢᠭᠤᠯᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠲᠠᠯ᠎ᠠ ᠪᠠᠷ᠂ ᠠᠮᠵᠢᠯᠲᠠ ᠪᠠᠨ ᠳ᠋ᠦᠩᠨᠡᠵᠦ᠂ ᠵᠢᠮ᠎ᠡ ᠶᠣᠰᠣ ᠶᠢ ᠰᠤᠳᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠬᠦ   ︔ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ ᠲᠦᠷᠭᠡᠨ ᠰᠢᠢᠳᠪᠦᠷᠢᠯᠡᠬᠦ ᠬᠡᠷᠡᠭᠲᠡᠢ︔ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠳᠤ ᠤᠷᠢᠳᠠᠪᠠᠷ ᠰᠠᠶᠢᠲᠤᠷ ᠬᠢᠵᠦ᠂ ᠠᠵᠢᠯ ᠢᠶᠠᠨ ᠤᠷᠤᠭᠰᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠰᠢᠪᠠᠳᠠᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠰᠢᠢᠳᠬᠡᠬᠦ ᠶᠣᠰᠣᠲᠠᠶ ᠶᠢ ᠨᠢ ᠡᠷᠬᠡᠪᠰᠢ ᠴᠢᠩᠭ᠎ᠠ ᠰᠢᠢᠳᠬᠡᠵᠦ᠂ ᠴᠠᠭᠠᠵᠠᠯᠠᠬᠤ ᠶᠣᠰᠣᠲᠠᠶ ᠶᠢ ᠨᠢ ᠡᠷᠬᠡᠪᠰᠢ ᠡᠷᠡᠰ ᠴᠠᠭᠠᠵᠠᠯᠠᠬᠤ ᠬᠡᠷᠡᠭᠲᠡᠶ ᠭᠡᠵᠡᠢ᠃       
            