ᠤᠷᠠᠳ ᠤᠨ ᠬᠤᠶᠢᠲᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/11/26

            ᠨᠢᠬᠡ ᠂ ᠡᠭᠦᠷᠭᠡ ᠴᠢᠳᠡᠪᠬᠢ ᠶᠢᠨ ᠲᠣᠬᠢᠷᠠᠭᠤᠯᠤᠯᠲᠠ      

            

           ︵ᠨᠢᠭᠡ︶ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂

ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠪᠠᠶᠢᠴᠠᠭᠠᠨ ᠬᠢᠨᠠᠯᠲᠠ

ᠲᠠᠯᠪᠢᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠵᠣᠬᠢᠴᠠᠭᠤᠯᠵᠤ᠂ ᠪᠥᠬᠦ ᠬᠤᠰᠢᠭᠤᠨ ᠤ ᠲᠤᠭ᠎ᠠ

ᠪᠦᠷᠢᠳᠬᠡᠯ ᠤᠨ ᠠᠵᠢᠯ ᠤᠨ ᠲᠥᠯᠥᠪᠵᠢᠭᠦᠯᠭᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ

ᠬᠡᠷᠡᠭᠵᠢᠭᠦᠯᠦᠨ᠎ᠡ᠃ 

    

            ︵ᠬᠤᠶᠠᠷ︶ ᠤᠯᠤᠰ ᠤᠨ ᠤᠯᠤᠰ ᠠᠷᠠᠳ  ᠤᠨ ᠠᠵᠤ ᠠᠬᠤᠶ ᠶᠢᠨ ᠲᠣᠭᠠᠴᠠᠭ᠎ᠠ ᠬᠢᠬᠦ  ᠰᠢᠰᠲ᠋ᠧᠮᠵᠢ ᠪᠣᠯᠤᠨ ᠪᠥᠬᠦ ᠤᠯᠤᠰ  ᠤᠨ ᠨᠢᠭᠡᠳᠦᠯᠲᠡᠶ

ᠦᠨᠳᠦᠰᠦᠨ ᠲᠤᠭ᠎ᠠ ᠪᠦᠷᠢᠳᠬᠡᠯ  ᠤᠨ ᠮᠡᠳᠡᠭᠦᠯᠬᠦ ᠬᠦᠰᠦᠨᠦᠭᠲᠦ ᠶᠢᠨ ᠲᠥᠷᠢᠮ  ᠢ ᠲᠤᠤᠱᠯᠠᠭᠤᠯᠤᠨ ᠬᠡᠷᠡᠭᠵᠢᠭᠦᠯᠵᠦ᠂ ᠲᠤᠰ ᠬᠠᠷᠢᠶ᠎ᠠ ᠣᠷᠣᠨ  ᠤ ᠬᠤᠰᠢᠭᠤᠨ ᠤ

ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ  ᠤᠨ ᠠᠵᠢᠯ ᠪᠣᠯᠤᠨ ᠤᠯᠤᠰ ᠠᠷᠠᠳ  ᠤᠨ ᠠᠵᠤ ᠠᠬᠤᠶ ᠶᠢᠨ

ᠲᠣᠭᠠᠴᠠᠭ᠎ᠠ ᠬᠢᠬᠦ ᠠᠵᠢᠯ  ᠢ ᠵᠣᠬᠢᠶᠠᠨ ᠪᠠᠶᠢᠭᠤᠯᠤᠨ ᠤᠳᠤᠷᠢᠳᠬᠤ ᠪᠠ ᠵᠣᠬᠢᠴᠠᠭᠤᠯᠵᠤ᠂ ᠪᠥᠬᠦ ᠬᠤᠰᠢᠭᠤᠨ  ᠤ ᠲᠤᠭ᠎ᠠ ᠪᠦᠷᠢᠳᠬᠡᠯ  ᠤᠨ  ᠮᠡᠳᠡᠭᠦᠯᠬᠦ

ᠬᠦᠰᠦᠨᠦᠭᠲᠦ ᠶᠢᠨ ᠠᠵᠢᠯ  ᠢ  ᠨᠢᠭᠡᠳᠦᠯᠲᠡᠶ ᠵᠣᠬᠢᠶᠠᠨ ᠪᠠᠶᠢᠭᠤᠯᠤᠨ ᠬᠠᠮᠢᠶᠠᠷᠤᠨ᠎ᠠ᠃ 

    

             ︵ᠭᠤᠷᠪᠠ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ

ᠶᠡᠭᠡ ᠨᠡᠶᠢᠳᠡᠮ  ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠡᠯ᠎ᠡ

ᠲᠥᠷᠥᠯ ᠤᠨ ᠨᠡᠶᠢᠲᠡᠯᠢᠭ ᠪᠠᠶᠢᠴᠠᠭᠠᠯᠲᠠ ᠪᠠ ᠲᠤᠰᠬᠠᠶ ᠲᠥᠷᠥᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ 

    

             ︵ᠳᠥᠷᠪᠡ︶ ᠪᠥᠬᠦ ᠬᠤᠰᠢᠭᠤᠨ ᠤ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠵᠤ᠂ ᠡᠮᠬᠢᠳᠬᠡᠵᠦ᠂ ᠬᠠᠩᠭᠠᠵᠤ᠂ ᠪᠥᠬᠦ

ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠪᠠᠶᠢᠳᠠᠯ ᠳᠤ ᠲᠤᠭ᠎ᠠ

ᠪᠦᠷᠢᠳᠬᠡᠯ ᠤᠨ ᠵᠠᠳᠠᠯᠤᠯᠲᠠ ᠪᠠ ᠬᠢᠨᠠᠯᠲᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ

ᠮᠥᠴᠢᠷ ᠲᠤ ᠵᠥᠪᠯᠡᠯᠭᠡ ᠪᠤᠶᠤ ᠰᠠᠨᠠᠭᠤᠯᠭ᠎ᠠ ᠬᠠᠩᠭᠠᠵᠤ᠂ ᠪᠥᠬᠦ ᠬᠤᠰᠢᠭᠤᠨ ᠤ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠢᠨᠠᠨ ᠲᠣᠭᠲᠠᠭᠠᠵᠤ᠂

ᠬᠠᠮᠢᠶᠠᠷᠴᠤ᠂ ᠬᠡᠪᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠪᠠ ᠰᠢᠨᠵᠢᠯᠡᠬᠦ

ᠤᠬᠠᠭᠠᠨ ᠮᠡᠷᠭᠡᠵᠢᠯ ᠤᠨ ᠳᠠᠪᠰᠢᠯᠲᠠ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠠᠯᠪᠠᠨ ᠮᠡᠳᠡᠭᠡ ᠶᠢ ᠨᠡᠶᠢᠲᠡᠯᠡᠨ᠎ᠡ᠃ 

    

            ︵ᠲᠠᠪᠤ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠦ᠋ᠲ᠋ᠣᠴᠢᠯᠠᠭᠰᠠᠨ ᠰᠢᠰᠲ᠋ᠧᠮ ᠪᠣᠯᠤᠨ ᠪᠥᠬᠦ ᠬᠤᠰᠢᠭᠤᠨ ᠤ ᠲᠤᠭ᠎ᠠ

ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠠᠵᠢᠯ ᠤᠨ ᠲᠣᠤᠷ ᠰᠦᠯᠵᠢᠶ᠎ᠡ ᠶᠢ

ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠠᠵᠢᠯ ᠤᠨ ᠪᠠᠷᠢᠮᠵᠢᠶᠠᠵᠢᠯᠲᠠ᠂ ᠵᠢᠷᠤᠮᠵᠢᠯᠲᠠ ᠶᠢ ᠲᠠᠰᠤᠷᠠᠯᠲᠠ ᠥᠬᠡᠶ ᠠᠬᠢᠭᠤᠯᠤᠨ᠎ᠠ᠃ 

           

            ︵ᠵᠢᠷᠭᠤᠭ᠎ᠠ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠺᠠᠳ᠋ᠷ ᠤᠨ ᠲᠤᠰᠬᠠᠶ ᠮᠡᠷᠭᠡᠵᠢᠯ ᠤᠨ ᠣᠨᠣᠯ ᠤᠨ ᠮᠡᠳᠡᠯᠭᠡ ᠶᠢᠨ ᠬᠥᠮᠦᠵᠢᠯ ᠪᠠ

ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ

ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠲᠤᠭ᠎ᠠ

ᠪᠦᠷᠢᠳᠬᠡᠯ ᠤᠨ ᠲᠤᠰᠬᠠᠶ ᠮᠡᠷᠭᠡᠵᠢᠯ ᠤᠨ ᠲᠤᠰᠢᠶᠠᠯ ᠤᠨ ᠰᠢᠯᠭᠠᠷᠠᠭᠤᠯᠤᠯᠲᠠ ᠪᠠ ᠬᠢᠷᠢ ᠬᠡᠮ ᠤᠨ ᠰᠢᠯᠭᠠᠯᠲᠠ ᠶᠢᠨ ᠠᠵᠢᠯ ᠢ  ᠵᠤᠬᠢᠶᠠᠨ ᠪᠠᠶᠢᠭᠤᠯᠤᠨ ᠬᠠᠮᠢᠶᠠᠷᠤᠨ᠎ᠠ᠃

           

           ︵ᠳᠣᠯᠤᠭ᠎ᠠ︶ ᠮᠡᠳᠡᠭᠡ ᠵᠠᠩᠭᠢ ᠶᠢᠨ ᠯᠠᠪᠯᠠᠯᠭ᠎ᠠ ᠶᠢᠨ  ᠦᠢᠯᠡᠴᠢᠯᠡᠬᠡᠨ ᠤ ᠵᠠᠬ᠎ᠠ ᠳᠡᠯᠭᠡᠭᠦᠷ ᠢ ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ ᠯᠢ ᠫᠦ

ᠬᠤᠰᠢᠭᠤᠨ ᠤ ᠬᠥᠳᠡᠭᠡ ᠲᠣᠰᠬᠤᠨ ᠤ ᠨᠡᠶᠢᠭᠡᠮ ᠤᠨ ᠠᠵᠤ ᠠᠬᠤᠶ ᠶᠢᠨ ᠪᠠᠶᠢᠴᠠᠭᠠᠯᠲᠠ ᠶᠢᠨ ᠠᠩᠭᠢ ᠶᠢ ᠬᠠᠮᠢᠶᠠᠷᠤᠨ᠎ᠠ᠃ 

          

           ︵ᠨᠠᠢᠮᠠ︶ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ᠃

   

           ᠬᠠᠷᠢᠯᠴᠠᠬᠤ ᠠᠷᠭ᠎ᠠ ᠮᠠᠶ᠋ᠢᠭ

   

           ᠬᠠᠷᠢᠯᠴᠠᠬᠤ ᠤᠲᠠᠰᠤ᠄ 04178 — 4666651

         

           ᠠᠵᠢᠯᠯᠠᠬᠤ ᠴᠠᠭ᠄ ᠦᠳᠡ ᠶᠢᠨ ᠡᠮᠦᠨᠡᠬᠢ 8᠄ 30 ᠠᠴᠠ 12᠄ 00᠂ ᠦᠳᠡ ᠶᠢᠨ ᠬᠤᠶᠢᠨᠠᠬᠢ 15᠄ 00 ᠠᠴᠠ 18᠄ 00 

          

           ᠠᠵᠢᠯᠯᠠᠬᠤ ᠭᠠᠵᠠᠷ᠄ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ 5

ᠳ᠋ᠤᠭᠠᠷ ᠠᠰᠠᠷ︔

        

           ᠰᠢᠦᠳᠠᠨ ᠳ᠋ᠤᠭᠠᠷ 015543

        

           ᠢᠮᠧᠯ᠄ 466602091@qq.com

ᠢᠷᠡᠯᠲᠡ᠄ ᠲᠤᠰ ᠰᠦᠯᠵᠢᠶ᠎ᠠ