| | | | 12 ᠳ᠋ᠤᠭᠠᠷ ᠰᠠᠷ᠎ᠠ ᠶᠢᠨ 9 ᠡᠳᠦᠷ ᠤᠨ 0 — 24 ᠴᠠᠭ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 24(ᠴᠥᠮ ᠬᠥᠯᠥᠨ | ᠪᠤᠶᠢᠷ ᠤᠨ ᠮᠠᠨᠵᠤᠤᠷ ᠬᠤᠲᠠ ᠳᠤ ᠪᠤᠢ) ᠰᠢᠨ᠎ᠡ ᠪᠠᠷ | ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ | ᠨᠠᠷᠢᠨ ᠪᠠᠶᠢᠳᠠᠯ ᠨᠢ ᠳᠣᠤᠷᠠᠬᠢ ᠮᠡᠲᠦ᠄ | 490 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ | ᠮᠠᠨᠵᠤᠤᠷ ᠬᠤᠲᠠ ᠶᠢᠨ ᠪᠢᠲᠡᠭᠦᠮᠵᠢᠯᠡᠨ ᠬᠤᠷᠢᠭᠯᠠᠬᠤ | ᠲᠣᠭᠤᠷᠢᠭ ᠲᠠᠬᠢ ᠬᠥᠮᠦᠰ ᠤᠨ ᠪᠥᠭᠡᠮ ᠬᠦᠴᠢᠯ ᠢ ᠰᠢᠭᠰᠢᠨ | ᠪᠠᠶᠢᠴᠠᠭᠠᠬᠤ ᠳᠤ ᠠᠷᠭ᠎ᠠ ᠴᠢᠨᠠᠷ ᠢᠯᠡᠷᠡᠵᠦ᠂ | ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠵᠠᠢ᠃ | 491 — 513 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ | ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ | ᠲᠤᠰᠠᠭᠠᠷᠯᠠᠭᠰᠠᠨ ᠬᠤᠭᠤᠴᠠᠭᠠᠨ ᠳᠠᠬᠢ ᠪᠥᠭᠡᠮ ᠬᠦᠴᠢᠯ ᠤᠨ | ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ | ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠵᠠᠢ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ | ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ | ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠵᠡᠷᠭᠡ | ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ | ᠪᠠᠶᠢᠨ᠎ᠠ᠃ | 12 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ | ᠵᠢᠱᠢᠶ᠎ᠡ 515 (ᠬᠥᠯᠥᠨ ᠪᠤᠶᠢᠷ ᠤᠨ ᠮᠠᠨᠵᠤᠤᠷ ᠬᠤᠲᠠ ᠳᠤ 507᠂ | ᠰᠢᠨ᠎ᠡ ᠪᠠᠷᠭᠤ ᠪᠠᠷᠠᠭᠤᠨ ᠬᠤᠰᠢᠭᠤᠨ ᠳᠤ 6 ᠪᠣᠶ︔ ᠮᠠᠨᠵᠤᠤᠷ | ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ | ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ | ᠪᠣᠶ) ᠪᠠᠶᠢᠨ᠎ᠠ᠃ ᠴᠥᠮ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ | | |