ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
  
2021/12/15
          12 ᠳ᠋ᠤᠭᠠᠷ ᠰᠠᠷ᠎ᠠ ᠶᠢᠨ 13 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠶᠢᠬᠤ ᠥᠬᠡᠶ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 5  ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ  ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 10 ᠡᠪᠡᠳᠴᠢᠨ ᠤ ᠵᠢᠱᠢᠶ᠎ᠡ   ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ  ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ ᠪᠠᠶᠢᠳᠠᠯ ᠨᠢ ᠳᠣᠤᠷᠠᠬᠢ ᠮᠡᠲᠦ᠄         544 — 547 ᠳ᠋ᠦ᠋ᠭᠡᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ   ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃         548 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠮᠠᠨᠵᠤᠤᠷ ᠬᠤᠲᠠ ᠶᠢᠨ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠢ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃      ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠬᠦ ᠪᠠ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃      12 ᠳ᠋ᠤᠭᠠᠷ ᠰᠠᠷ᠎ᠠ ᠶᠢᠨ 13᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 515  ᠬᠥᠯᠥᠨ ᠪᠤᠶᠢᠷ ᠤᠨ ᠮᠠᠨᠵᠤᠤᠷ ᠬᠤᠲᠠ ᠳᠤ 504᠂ ᠰᠢᠨ᠎ᠡ ᠪᠠᠷᠭᠤ   ᠬᠤᠰᠢᠭᠤᠨ ᠳᠤ 9 ᠪᠤᠢ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ  ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃      
          