ᠮᠠ ᠭᠤᠸᠠᠩ ᠳ᠋ᠢ
ᠨᠡᠶᠢᠲᠡᠯᠡᠭᠰᠡᠨ ᠴᠠᠭ᠄
2021/12/15

 

       ᠬᠤᠰᠢᠭᠤᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ

ᠬᠠᠷᠢᠭᠤᠴᠠᠨ᠎ᠠ᠃

       ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂  ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ

ᠡᠶᠡᠳᠡᠭᠦᠯᠬᠦ ᠦᠢᠯᠡᠴᠢᠯᠡᠭᠡᠨ ᠤ ᠲᠥᠪ  ᠤᠨ  ᠠᠵᠢᠯ ᠢ ᠡᠷᠬᠢᠯᠠᠨ᠎ᠠ᠃

        ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠪᠠᠶᠠᠨᠨᠠᠭᠤᠷ

ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠤᠷᠠᠳ ᠤᠨ ᠬᠤᠶᠢᠲᠤ ᠬᠤᠰᠢᠭᠤᠨ ᠤ

ᠶᠡᠭᠡ ᠠᠩᠭᠢ᠂ ᠤᠷᠠᠳ ᠤᠨ ᠬᠤᠶᠢᠲᠤ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠤᠷᠠᠳ ᠤᠨ  ᠬᠤᠶᠢᠳᠤ

ᠬᠤᠰᠢᠭᠤᠨ ᠤ ᠳᠤᠮᠳᠠ ᠠᠩᠭᠢ ᠲᠠᠢ ᠬᠠᠷᠢᠯᠴᠠᠨ᠎ᠠ᠃

        ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃

          ᠬᠤᠪᠢ ᠬᠥᠮᠥᠨ ᠤ ᠲᠣᠪᠴᠢ ᠨᠠᠮᠲᠠᠷ

          ᠡᠷᠡᠭᠲᠡᠢ᠂ ᠮᠣᠩᠭᠤᠯ ᠦᠨᠳᠦᠰᠦᠲᠡᠨ᠂ 1983 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂

ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠃

 

ᠢᠷᠡᠯᠲᠡ᠄ ᠲᠤᠰ ᠰᠦᠯᠵᠢᠶ᠎ᠠ