ᠶᠠᠩ ᠰᠢᠤᠢ
ᠨᠡᠶᠢᠲᠡᠯᠡᠭᠰᠡᠨ ᠴᠠᠭ᠄
2021/12/15
  ᠠᠵᠢᠯ ᠤᠨ ᠬᠤᠪᠢᠶᠠᠷᠢᠯᠠᠯ      ᠣᠷᠣᠯᠠᠭᠴᠢ ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ︶᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠤᠯᠠᠭᠠᠨᠮᠥ᠋ᠴᠢᠷ᠂ ᠵᠢᠭᠤᠯᠴᠢᠯᠠᠯ ᠤᠨ ᠦᠢᠯᠡᠴᠢᠯᠡᠬᠡᠨ ᠤ ᠲᠥᠪ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠢ ᠬᠤᠪᠢᠳᠠᠨ ᠬᠠᠮᠢᠶᠠᠷᠤᠨ᠎ᠠ᠃      ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠪᠣᠭᠤᠮᠲᠠ ᠶᠢᠨ ᠠᠵᠢᠯ ᠤᠨ ᠵᠥᠪᠯᠡᠯ᠂ ᠣᠶᠤᠨ ᠤ ᠪᠣᠯᠪᠠᠰᠤᠨ ᠤ ᠠᠯᠪᠠᠨ ᠬᠡᠷ᠂ 871 ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠡᠯ᠎ᠡ ᠰᠣᠨᠢᠨ ᠮᠡᠳᠡᠭᠡᠨ ᠤ ᠨᠢᠭᠡᠴᠡ᠂ ᠤᠷᠠᠳ ᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃    ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠬᠤᠪᠢ ᠬᠥᠮᠦᠨ ᠤ ᠲᠣᠪᠴᠢ ᠨᠠᠮᠲᠠᠷ     ᠶᠠᠩ ᠰᠢᠤᠢ᠂ ᠡᠮᠡᠭᠲᠡᠶ᠂ ᠬᠢᠲᠠᠳ ᠦᠨᠳᠦᠰᠦᠲᠡᠨ᠂ 1982 ᠣᠨ ᠤ 1 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠵᠦ ᠪᠣᠶ᠃
ᠢᠷᠡᠯᠲᠡ᠄ ᠲᠤᠰ ᠰᠦᠯᠵᠢᠶ᠎ᠠ