ᠯᠢ ᠴᠢᠩ ᠯᠠᠶ
ᠨᠡᠶᠢᠲᠡᠯᠡᠭᠰᠡᠨ ᠴᠠᠭ᠄
2021/12/15
ᠠᠵᠢᠯ ᠤᠨ ᠬᠤᠪᠢᠶᠠᠷᠢᠯᠠᠯ        ᠬᠤᠰᠢᠭᠤᠨ ᠤ ᠣᠷᠣᠯᠠᠭᠴᠢ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠶ᠂ ᠬᠥᠭᠵᠢᠭᠦᠯᠦᠯᠲᠡ ᠥᠭᠡᠷᠡᠴᠢᠯᠡᠯᠲᠡ᠂ ᠭᠠᠳᠠᠭᠠᠳᠤ ᠶᠠᠪᠤᠳᠠᠯ ᠠᠷᠠᠯᠵᠢᠶ᠎ᠠ ᠬᠤᠳᠠᠯᠳᠤᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃       ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ  ᠪᠤᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ  ᠤᠨ ᠠᠯᠪᠠᠨ ᠭᠡᠷ ︵ᠬᠤᠳᠠᠯᠳᠤᠭᠠᠨ  ᠤ ᠶᠠᠪᠤᠳᠠᠯ  ᠤᠨ ᠠᠷᠠᠯᠵᠢᠶ᠎ᠠ ᠶᠢᠨ ᠦᠢᠯᠡᠴᠢᠯᠡᠭᠡᠨ  ᠤ ᠲᠥᠪ︶᠂ ᠪᠡᠯᠡ ᠣᠷᠣᠭᠤᠯᠤᠯᠲᠠ ᠶᠢ ᠠᠬᠢᠭᠤᠯᠬᠤ ᠲᠥᠪ  ᠢ ᠬᠤᠪᠢᠳᠠᠨ ᠬᠠᠮᠢᠶᠠᠷᠤᠨ᠎ᠠ᠃        ᠦᠢᠯᠡᠳᠪᠤᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠦᠴᠦᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃       ᠬᠤᠰᠢᠭᠤᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠬᠤᠪᠢ ᠬᠥᠮᠦᠨ ᠤ ᠲᠣᠪᠴᠢ ᠨᠠᠮᠲᠠᠷ       ᠯᠢ ᠴᠢᠩ ᠯᠠᠶ᠂ ᠡᠷᠡᠭᠲᠡᠶ᠂ ᠬᠢᠲᠠᠳ ᠦᠨᠳᠦᠰᠦᠲᠡᠨ᠂ 1970 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠲᠤᠰᠢᠶᠠᠯ ᠢ ᠡᠭᠦᠷᠭᠡᠯᠡᠵᠦ ᠪᠣᠶ᠃
ᠢᠷᠡᠯᠲᠡ᠄ ᠲᠤᠰ ᠰᠦᠯᠵᠢᠶ᠎ᠠ