ᠨᠠᠷᠠᠰᠤ
ᠨᠡᠶᠢᠲᠡᠯᠡᠭᠰᠡᠨ ᠴᠠᠭ᠄
2021/12/15
ᠠᠵᠢᠯ ᠤᠨ ᠬᠤᠪᠢᠶᠠᠷᠢᠯᠠᠯ           ᠣᠷᠣᠯᠠᠭᠴᠢ ᠬᠤᠰᠢᠭᠤᠨ ᠳᠠᠷᠤᠭ᠎ᠠ ᠶᠢ ᠬᠠᠪᠰᠤᠷᠤᠨ ᠵᠠᠮ ᠬᠠᠷᠢᠯᠴᠠᠭ᠎ᠠ ᠲᠡᠭᠡᠭᠡᠪᠦᠷᠢ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠦᠨᠳᠦᠰᠦᠲᠡᠨ ᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠠᠵᠢᠯ ᠣᠯᠭᠤᠬᠤ  ᠦᠢᠯᠡᠴᠢᠯᠡᠬᠡᠨ ᠤ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠬᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠪᠠ ᠨᠡᠶᠢᠭᠡᠮ ᠤᠨ ᠦᠢᠯᠡᠰ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︵ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠲᠥᠪ︶᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃        ᠣᠷᠣᠨ ᠲᠤᠭ᠎ᠠ ᠶᠢᠨ ᠠᠯᠪᠠᠨ ᠬᠡᠷ ︵ᠠᠵᠢᠯ  ᠦᠢᠯᠡᠰ ᠤᠨ ᠨᠢᠭᠡᠴᠡ ᠶᠢᠨ ᠳᠡᠩᠰᠡᠯᠡᠨ ᠲᠡᠮᠳᠡᠭᠯᠡᠬᠦ ᠦᠢᠯᠡᠴᠢᠯᠡᠬᠡᠨ ᠤ ᠲᠥᠪ︶᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠷᠠᠳ ᠤᠨ ᠬᠤᠶᠢᠲᠤ ᠬᠤᠰᠢᠭᠤᠨ ᠤ ᠶᠡᠭᠡ ᠠᠩᠭᠢ᠂ ᠪᠠᠶᠠᠨᠨᠠᠭᠤᠷ ᠬᠤᠲᠠ ᠶᠢᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠤᠷᠠᠳ ᠤᠨ ᠬᠤᠶᠢᠲᠤ ᠬᠤᠰᠢᠭᠤᠨ  ᠳᠠᠬᠢ ᠰᠠᠯᠪᠤᠷᠢ ᠴᠡᠭ᠂ ᠪᠠᠶᠠᠨᠨᠠᠭᠤᠷ ᠤᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ᠂ ᠥᠪᠥᠷ ᠮᠣᠩᠭᠤᠯ ᠤᠨ ᠴᠤᠬᠠᠦ᠋ᠠᠳᠤᠷ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠮᠠᠰᠢᠨᠴᠢᠯᠠᠭᠰᠠᠨ ᠠᠷᠠᠴᠢᠯᠠᠨ ᠬᠠᠮᠠᠭᠠᠯᠠᠬᠤ ᠠᠩᠭᠢ ᠲᠠᠢ ᠬᠠᠷᠢᠯᠴᠠᠨ᠎ᠠ᠃        ᠬᠤᠰᠢᠭᠤᠨ  ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠬᠤᠪᠢ ᠬᠥᠮᠦᠨ ᠤ ᠲᠣᠪᠴᠢ ᠨᠠᠮᠲᠠᠷ           ᠨᠠᠷᠠᠰᠤ᠂ ᠡᠷᠡᠭᠲᠡᠶ᠂ ᠮᠣᠩᠭᠤᠯ ᠦᠨᠳᠦᠰᠦᠲᠡᠨ᠂ 1972 ᠣᠨ ᠤ 6 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠲᠤᠷᠠᠳᠤᠳᠠᠬᠰᠠᠨ ᠵᠢᠱᠢᠭᠳᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠃
ᠢᠷᠡᠯᠲᠡ᠄ ᠲᠤᠰ ᠰᠦᠯᠵᠢᠶ᠎ᠠ