ᠠᠯᠲᠠᠨᠪᠤᠯᠠᠭ
ᠨᠡᠶᠢᠲᠡᠯᠡᠭᠰᠡᠨ ᠴᠠᠭ᠄
2021/12/15
 ᠠᠵᠢᠯ ᠤᠨ ᠬᠤᠪᠢᠶᠠᠷᠢᠯᠠᠯ             ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠣᠷᠣᠯᠠᠭᠴᠢ ᠬᠤᠰᠢᠭᠤᠨ ᠤ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ ᠮᠥᠩᠭᠦᠨ  ᠬᠦᠢᠯᠬᠡᠬᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ᠂ ᠲᠤᠭ᠎ᠠ ᠪᠦᠷᠢᠳᠬᠡᠯ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠭᠰᠡᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠤᠷᠢᠨ ᠪᠠᠶᠢᠴᠠᠭᠠᠬᠤ᠂  ᠰᠢᠯᠭᠠᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠡᠭᠦᠷᠭᠡ ᠬᠠᠷᠠᠯᠲᠠ ᠶᠢ ᠰᠢᠯᠭᠠᠨ ᠬᠢᠨᠠᠵᠤ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃          ᠵᠠᠰᠠᠭ ᠤᠨ ᠣᠷᠳᠣᠨ ᠤ ᠠᠯᠪᠠᠨ ᠬᠡᠷ ︵ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠮᠥᠩᠭᠦᠨ ᠭᠦᠶ᠋ᠯᠭᠡᠭᠡᠨ ᠤ ᠠᠯᠪᠠᠨ ᠬᠡᠷ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠮᠥᠩᠭᠦᠨ ᠬᠦᠢᠯᠬᠡᠬᠡᠨ ᠤ ᠠᠵᠢᠯ ᠤᠨ  ᠦᠢᠯᠡᠴᠢᠯᠡᠬᠡᠨ ᠤ ᠲᠥᠪ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠢᠯᠡᠴᠢᠯᠡᠬᠡᠨ ᠤ ᠲᠥᠪ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠲᠤᠭ᠎ᠠ ᠪᠦᠷᠢᠳᠬᠡᠯ ᠤᠨ ᠲᠣᠪᠴᠢᠶ᠎ᠠ ︵ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ︶᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠬᠡᠨ ᠤ ᠲᠥᠪ᠂ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃         ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠶᠠᠮᠤᠨ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ᠂ ᠪᠠᠶᠢᠭᠤᠯᠤᠯᠭ᠎ᠠ ᠶᠢᠨ ᠠᠵᠢᠯ ᠤᠨ ᠵᠥᠪᠯᠡᠯ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ᠂ ᠨᠡᠶᠢᠭᠡᠮ ᠵᠢᠷᠤᠮ ᠤᠨ ᠰᠤᠷᠭᠠᠭᠤᠯᠢ︶᠂ ᠠᠵᠢᠯᠴᠢᠨ ᠤ ᠡᠪᠯᠡᠯ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ᠂ ᠲᠠᠩᠰᠠ ᠡᠪᠬᠡᠮᠡᠯ ᠤᠨ ᠲᠦᠪ᠂ ᠠᠬᠠᠮᠠᠳ ᠺᠠᠳ᠋ᠷᠴᠤᠳ ᠤᠨ ᠦᠢᠯᠡᠴᠢᠯᠡᠬᠡᠨ ᠤ ᠲᠥᠪ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠷᠠᠳ ᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠷᠠᠳ ᠤᠨ ᠬᠤᠶᠢᠳᠤ ᠬᠤᠰᠢᠭᠤᠨ ᠤ ᠪᠠᠶᠢᠴᠠᠭᠠᠯᠲᠠ ᠶᠢᠨ ᠠᠩᠭᠢ ᠂ ᠡᠯ᠎ᠡ ᠪᠠᠩᠬᠢ ︵  ᠢᠳᠡᠬᠡᠮᠵᠢᠳᠤ ᠬᠤᠯᠪᠣᠭᠠᠲᠤ ᠬᠤᠷᠰᠢᠶ᠎ᠠ︶᠂ ᠳᠠᠭᠠᠳᠬᠠᠯ ᠤᠨ ᠪᠠᠶᠢᠭᠤᠯᠤᠮᠵᠢ᠂ ᠴᠢᠮᠡᠭᠡ ᠬᠤᠯᠪᠣᠭᠠᠨ ᠤ  ᠪᠠᠶᠢᠭᠤᠯᠤᠮᠵᠢ᠂ ᠰᠢᠤᠳᠠᠨ ᠲᠤᠪᠴᠢᠶ᠎ᠠ᠂ ᠭᠠᠯ ᠤᠨᠳᠠᠷᠭᠠᠵᠤ ᠭᠠᠯ ᠰᠡᠷᠬᠡᠶᠢᠯᠠᠨ ᠠᠪᠤᠷᠠᠨ ᠲᠤᠰᠠᠯᠠᠬᠤ ᠶᠡᠭᠡ ᠠᠩᠬᠢ ᠲᠠᠢ ᠬᠠᠷᠢᠯᠴᠠᠨ᠎ᠠ᠃        ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃                ᠬᠤᠪᠢ ᠬᠥᠮᠦᠨ ᠤ ᠲᠣᠪᠴᠢ ᠨᠠᠮᠲᠠᠷ                ᠠᠯᠲᠠᠨᠪᠤᠯᠠᠭ᠂ ᠡᠷᠡᠭᠲᠡᠶ᠂ ᠮᠣᠩᠭᠤᠯ ᠦᠨᠳᠦᠰᠦᠲᠡᠨ᠂ 1969 ᠣᠨ ᠤ 12 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠲᠤᠰ ᠰᠦᠯᠵᠢᠶ᠎ᠠ