| 12 ᠳ᠋ᠤᠭᠠᠷ ᠰᠠᠷ᠎ᠠ ᠶᠢᠨ 15 ᠡᠳᠦᠷ ᠤᠨ 0 — 24 ᠴᠠᠭ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠳᠤ | ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠥᠬᠡᠶ᠂ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 2 ᠴᠥᠮ ᠬᠥᠯᠥᠨ | ᠪᠤᠶᠢᠷ ᠤᠨ ᠮᠠᠨᠵᠤᠤᠷ ᠬᠤᠲᠠ ᠳᠤ ᠰᠢᠨ᠎ᠡ ᠪᠠᠷ ᠨᠡᠮᠡᠭᠳᠡᠵᠡᠢ᠃ | ᠲᠤᠬᠠᠢ ᠶᠢᠨ ᠭᠠᠵᠠᠷ ᠤᠨ ᠲᠣᠳᠤᠯᠠᠭᠰᠠᠨ 9 ᠡᠪᠡᠳᠴᠢᠨ ᠤ | ᠵᠢᠱᠢᠶ᠎ᠡ ᠴᠦᠮ ᠬᠦᠯᠦᠨ ᠪᠤᠶᠢᠷ ᠤᠨ ᠮᠠᠨᠵᠤᠤᠷ ᠬᠤᠲᠠ | ᠡᠷᠡᠭᠦᠯᠵᠢᠵᠦ ᠡᠮᠨᠡᠯᠭᠡ ᠠᠴᠠ ᠭᠠᠷᠪᠠ᠃ ᠰᠢᠨ᠎ᠡ ᠪᠠᠷ | ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ | ᠡᠪᠡᠳᠴᠢᠨ ᠤ ᠵᠢᠱᠢᠶ᠎ᠡ ᠶᠢᠨ ᠪᠣᠳᠠᠲᠠᠶ ᠪᠠᠶᠢᠳᠠᠯ ᠨᠢ | ᠳᠣᠤᠷᠠᠬᠢ ᠮᠡᠲᠦ᠄ | ᠲᠣᠳᠤᠯᠠᠭᠰᠠᠨ ᠡᠪᠡᠳᠴᠢᠨ ᠤ ᠵᠢᠱᠢᠶ᠎ᠡ 552 — 553᠄ ᠴᠥᠮ | ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ | ᠬᠤᠭᠤᠴᠠᠭᠠᠨ ᠳᠠᠬᠢ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠭᠰᠠᠨ | ᠣᠨᠤᠰᠢᠯᠠᠯᠲᠠ ᠪᠠᠷ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠᠷ | ᠣᠨᠣᠰᠢᠯᠠᠵᠠᠶ᠃ | ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠴᠢᠯᠡᠵᠦ᠂ | ᠬᠤᠯᠪᠣᠭᠳᠠᠯ ᠪᠥᠬᠦᠶ ᠳᠠᠬᠤᠯ ᠡᠪᠡᠳᠴᠢᠨ ᠤ ᠵᠢᠭᠰᠠᠭᠠᠨ | ᠪᠠᠶᠢᠴᠠᠭᠠᠯᠲᠠ ᠵᠡᠷᠭᠡ ᠠᠵᠢᠯ ᠢ ᠶᠠᠭ ᠶᠠᠪᠤᠭᠳᠠᠭᠤᠯᠵᠤ | ᠪᠠᠶᠢᠨ᠎ᠠ᠃ | 12 ᠰᠠᠷ᠎ᠠ ᠶᠢᠨ 15 ᠡᠳᠦᠷ ᠤᠨ 24 ᠴᠠᠭ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 501 ᠬᠥᠯᠥᠨ | ᠪᠤᠶᠢᠷ ᠤᠨ ᠮᠠᠨᠵᠤᠤᠷ ᠬᠤᠲᠠ ᠳᠤ 490᠂ ᠰᠢᠨ᠎ᠡ ᠪᠠᠷᠭᠤ ᠪᠠᠷᠠᠭᠤᠨ | ᠬᠤᠰᠢᠭᠤᠨ ᠳᠤ 9᠂ ᠮᠠᠨᠵᠤᠤᠷ ᠬᠤᠲᠠ ᠳᠤ ᠬᠤᠯᠪᠤᠭᠳᠠᠯ ᠲᠠᠢ | ᠲᠣᠳᠤᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ | ᠬᠤᠲᠠ ᠶᠢᠨ ᠬᠤᠷᠴᠢᠨ ᠲᠣᠭᠤᠷᠢᠭ ᠲᠤ ᠪᠠᠶᠢᠨ᠎ᠠ᠃ ᠴᠥᠮ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ | ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ᠂ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | | |