ᠰᠤᠷᠭᠠᠨ ᠬᠥᠮᠦᠵᠢᠯ ᠤᠨ ᠶᠠᠮᠤᠨ᠄ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯ  ᠪᠠᠭᠰᠢ ᠶᠢᠨ ᠡᠩᠨᠡᠭᠡᠨ ᠤ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠮᠥᠨ
  
2021/12/16
 

          12 ᠰᠠᠷ᠎ᠠ ᠶᠢᠨ 7 ᠤ ᠡᠳᠦᠷ᠂ ᠰᠤᠷᠭᠠᠨ ᠬᠥᠮᠦᠵᠢᠯ ᠤᠨ

ᠶᠠᠮᠤᠨ ᠰᠣᠨᠢᠨ  ᠮᠡᠳᠡᠭᠡ  ᠨᠡᠶᠢᠲᠡᠯᠡᠬᠦ  ᠬᠤᠷᠠᠯ  ᠬᠢᠪᠠ᠃

ᠰᠤᠷᠭᠠᠨ  ᠬᠥᠮᠦᠵᠢᠯ ᠤᠨ  ᠶᠠᠮᠤᠨ ᠤ  ᠪᠠᠭᠰᠢ ᠶᠢᠨ  ᠠᠵᠢᠯ ᠤᠨ  

ᠵᠤᠷᠭᠠᠨ ᠤ  ᠳᠡᠳ᠋  ᠳᠠᠷᠤᠭ᠎ᠠ  ᠬᠤᠸᠠᠩ  ᠰᠢᠶᠤᠤ  ᠬᠤᠸᠠ

ᠲᠠᠨᠢᠯᠴᠠᠭᠤᠯᠬᠤ ᠳᠠᠭᠠᠨ᠂ ᠶᠡᠭᠡ ᠳᠡᠭᠡᠳᠦ ᠰᠤᠷᠭᠠᠭᠤᠯᠢ ᠨᠢ

ᠪᠠᠭᠰᠢ ᠶᠢᠨ  ᠡᠳᠦᠷ  ᠲᠤᠲᠤᠮ ᠤᠨ  ᠬᠥᠮᠦᠵᠢᠯ  

ᠵᠢᠯᠣᠭᠤᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂

ᠪᠦᠬᠦ ᠪᠠᠭᠰᠢ ᠠᠵᠢᠯᠳᠠᠨ ᠤ ᠶᠣᠰᠣ ᠮᠣᠷᠠᠯ ᠢ  ᠬᠥᠮᠦᠵᠢᠭᠦᠯᠬᠦ  

ᠰᠢᠰᠲ᠋ᠧᠮ ᠢ  ᠪᠠᠶᠢᠭᠤᠯᠬᠤ ᠶᠢ ᠠᠬᠢᠭᠤᠯᠵᠤ᠂ ᠪᠠᠭᠰᠢ ᠶᠢᠨ

ᠶᠣᠰᠣ ᠮᠣᠷᠠᠯ ᠤᠨ ᠬᠥᠮᠦᠵᠢᠯ ᠤᠨ ᠤᠬᠠᠭᠤᠯᠭ᠎ᠠ᠂ ᠬᠢᠨᠠᠨ

ᠰᠢᠯᠭᠠᠵᠤ ᠬᠢᠨᠠᠯᠲᠠ ᠲᠠᠯᠪᠢᠬᠤ᠂  ᠱᠠᠩᠨᠠᠵᠤ ᠰᠢᠳᠬᠡᠬᠦ

ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ

ᠲᠠᠰᠤᠷᠠᠯᠲᠠ ᠥᠬᠡᠶ  ᠪᠦᠷᠢᠨᠰᠢᠭᠦᠯᠬᠦ  ᠬᠡᠷᠡᠭᠲᠡᠶ᠃

ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ

ᠰᠦᠯᠵᠢᠶ᠎ᠡ ᠨᠢᠭᠡᠨᠲᠡ ᠪᠠᠭᠰᠢ ᠶᠢᠨ ᠠᠵᠢᠯ ᠮᠡᠷᠭᠡᠵᠢᠯ ᠤᠨ  

ᠦᠢᠯᠡ ᠠᠵᠢᠯᠯᠠᠭ᠎ᠠ ᠶᠢᠨ ᠠᠷᠪᠠᠨ ᠪᠠᠷᠢᠮᠵᠢᠶ᠎ᠠ ᠶᠢ

ᠵᠥᠷᠢᠴᠡᠭᠰᠡᠨ 8 ᠪᠦᠯᠦᠭ 58 ᠨᠡᠶᠢᠲᠡᠯᠢᠭ ᠠᠰᠠᠭᠤᠳᠠᠯ ᠢ ᠢᠯᠡ

ᠨᠡᠶᠢᠲᠡᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ

ᠰᠦᠷᠳᠡᠭᠦᠯᠦᠯ ᠦᠢᠯᠡᠳᠦᠯ ᠢ ᠪᠣᠶ ᠪᠣᠯᠭᠠᠪᠠ ᠬᠡᠵᠡᠢ᠃ ᠬᠤᠸᠠᠩ

ᠰᠢᠶᠤᠤ ᠬᠤᠸᠠ ᠬᠡᠯᠡᠬᠦ ᠳᠡᠭᠡᠨ᠂ ᠡᠯ᠎ᠡ ᠭᠠᠵᠠᠷ ᠡᠯ᠎ᠡ

ᠰᠤᠷᠭᠠᠭᠤᠯᠢ ᠶᠢ  ᠰᠢᠪᠠᠳᠠᠨ  ᠪᠠᠶᠢᠭᠠᠳ  ᠪᠠᠭᠰᠢ ᠶᠢᠨ  ᠶᠣᠰᠣ  

ᠮᠣᠷᠠᠯ ᠤᠨ  ᠲᠠᠯ᠎ᠠ ᠪᠠᠷ  ᠲᠣᠭᠲᠠᠭᠠᠯ ᠠᠴᠠ ᠵᠥᠷᠢᠴᠡᠭᠰᠡᠨ

ᠠᠰᠠᠭᠤᠳᠠᠯ ᠢ ᠴᠢᠩᠭ᠎ᠠ ᠪᠠᠶᠢᠴᠠᠭᠠᠨ  ᠰᠢᠢᠳᠪᠦᠷᠢᠯᠡᠵᠦ᠂  ᠱᠠᠲᠤ

 ᠬᠤᠪᠢᠶᠠᠨ  ᠢᠯᠡ ᠪᠠᠷ  ᠵᠠᠷᠯᠠᠨ  ᠮᠡᠳᠡᠭᠳᠡᠵᠦ᠂ 《ᠣᠭᠲᠣ

ᠠᠭᠤᠴᠢᠯᠠᠬᠤ ᠥᠬᠡᠶ》 ᠪᠠᠶᠢᠬᠤ ᠬᠡᠷᠡᠭᠲᠡᠶ᠃ ᠡᠭᠦᠨ ᠠᠴᠠ

ᠭᠠᠳᠠᠨ᠎ᠠ᠂ ᠪᠠᠭᠰᠢ ᠶᠢᠨ ᠮᠣᠷᠠᠯ ᠪᠠᠭᠰᠢ ᠶᠢᠨ  ᠰᠤᠷᠲᠠᠯ ᠨᠢ

ᠨᠢᠭᠡᠨᠲᠡ ᠪᠠᠭᠰᠢ ᠶᠢᠨ ᠡᠩᠨᠡᠭᠡ ᠶᠢᠨ ᠬᠡᠪ ᠴᠢᠨᠠᠷ ᠢ

ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠵᠣ᠂ ᠡᠯ᠎ᠡ ᠶᠡᠭᠡ

ᠳᠡᠭᠡᠳᠦ  ᠰᠤᠷᠭᠠᠭᠤᠯᠢ ᠨᠢ ᠨᠢᠭᠡᠨᠲᠡ ᠪᠠᠭᠰᠢ ᠶᠢᠨ ᠮᠣᠷᠠᠯ ᠤᠨ

ᠢᠯᠡᠷᠡᠯ ᠢ ᠪᠠᠭᠰᠢ ᠤᠷᠢᠵᠤ ᠡᠯᠰᠡᠬᠦ᠂ ᠮᠡᠷᠭᠡᠵᠢᠯ ᠤᠨ ᠴᠣᠯᠠ

ᠲᠣᠭᠲᠠᠭᠠᠬᠤ ᠪᠠ  ᠤᠷᠢᠬᠤ᠂ ᠰᠢᠯᠢᠳᠡᠭ ᠢ ᠰᠢᠯᠭᠠᠷᠠᠭᠤᠯᠵᠤ

ᠱᠠᠩᠨᠠᠬᠤ᠂ ᠤᠷᠢᠬᠤ ᠬᠤᠭᠤᠴᠠᠭᠠᠨ ᠤ ᠬᠢᠨᠠᠨ ᠰᠢᠯᠭᠠᠯᠲᠠ ᠬᠢᠬᠦ᠂  

ᠲᠥᠷᠥᠯ  ᠵᠦᠢᠯ  ᠭᠤᠶᠤᠴᠢᠯᠠᠨ ᠮᠡᠳᠡᠭᠦᠯᠬᠦ ᠵᠡᠷᠭᠡ  ᠶᠢᠨ  

ᠲᠡᠷᠢᠭᠦᠨ  ᠴᠢᠬᠤᠯᠠ  ᠱᠠᠭᠠᠷᠳᠠᠯᠭ᠎ᠠ  ᠪᠣᠯᠭᠠᠵᠤ᠂  ᠪᠠᠭᠰᠢ ᠶᠢᠨ  

ᠮᠣᠷᠠᠯ ᠤᠨ  ᠬᠢᠨᠠᠨ  ᠰᠢᠯᠭᠠᠯᠲᠠ ᠶᠢ ᠴᠢᠩᠳᠠᠯᠠᠨ᠂ ᠦᠵᠡᠯ

ᠰᠠᠨᠠᠭ᠎ᠠ ᠤᠯᠤᠰ ᠲᠥᠷᠥ ᠶᠢᠨ ᠬᠡᠪ ᠴᠢᠨᠠᠷ ᠤᠨ ᠬᠢᠨᠠᠨ  

ᠪᠠᠶᠢᠴᠠᠭᠠᠯᠲᠠ ᠶᠢ  ᠴᠢᠩᠭᠠᠳᠬᠠᠵᠤ᠂  ᠪᠠᠭᠰᠢ ᠶᠢᠨ ᠮᠣᠷᠠᠯ  

ᠪᠠᠭᠰᠢ ᠶᠢᠨ  ᠰᠤᠷᠲᠠᠯ ᠤᠨ  ᠪᠠᠶᠢᠭᠤᠯᠤᠯᠲᠠ ᠶᠢ  

ᠪᠠᠶᠢᠩᠭᠤᠵᠢᠭᠤᠯᠬᠤ  ᠪᠠ  ᠣᠷᠳᠣ  ᠬᠤᠭᠤᠴᠠᠭ᠎ᠠ ᠪᠠᠷ  

ᠪᠦᠲᠦᠮᠵᠢᠲᠡᠶ ᠪᠠᠶᠢᠯᠭᠠᠬᠤ ᠶᠢ ᠳᠥᠯᠭᠢᠨ ᠠᠬᠢᠭᠤᠯᠵᠤ

ᠪᠠᠶᠢᠨ᠎ᠠ ᠬᠡᠪᠡ᠃     

 

 

    