ᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠳᠤ ᠴᠢᠨᠢ ᠬᠤᠪᠢᠷᠠᠯᠲᠠ  ᠭᠠᠷᠤᠬᠰᠠᠨ ᠪᠠᠶᠢᠵᠤ ᠮᠡᠳᠡᠨ᠎ᠡ︕ ᠲᠦᠷᠭᠡᠨ ᠤᠶᠢᠯᠠᠭᠠᠭᠠᠷᠠᠢ︕
  
2021/12/16
               ᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠳᠤ ᠴᠢᠨᠢ ᠬᠤᠪᠢᠷᠠᠯᠲᠠ ᠭᠠᠷᠤᠬᠰᠠᠨ  ᠪᠠᠶᠢᠵᠤ  ᠮᠡᠳᠡᠨ᠎ᠡ︕ ᠲᠦᠷᠭᠡᠨ ᠤᠶᠢᠯᠠᠭᠠᠭᠠᠷᠠᠢ︕              ᠲᠦᠷᠦᠭᠦᠬᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ  ᠪᠠᠲᠤᠯᠠᠭ᠎ᠠ ᠶᠢᠨ  ᠶᠠᠮᠤᠨ  《ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ  ᠭᠠᠷᠴᠠᠭ   2021  ᠣᠨ ᠤ  ᠬᠡᠪᠯᠡᠯ 》 ᠢ  ᠨᠡᠶᠢᠲᠡᠯᠡᠪᠡ᠂  ᠡᠭᠦᠨ ᠳᠤ᠂  ᠲᠤᠰᠬᠠᠶ ᠮᠡᠷᠭᠡᠵᠢᠯ ᠤᠨ ᠠᠵᠢᠯᠲᠠᠨ ᠤ 59 ᠵᠦᠢᠯ  ᠣᠷᠣᠬᠤ ᠶᠢ ᠵᠥᠪᠰᠢᠶᠡᠷᠡᠬᠦ ᠲᠥᠷᠥᠯ ᠤᠨ ᠬᠢ  33  ᠵᠦᠢᠯ᠂  ᠬᠢᠷᠢ  ᠲᠦᠪᠰᠢᠨ ᠢ ᠦᠨᠡᠯᠡᠬᠦ ᠲᠥᠷᠥᠯ ᠤᠨ ᠬᠢ 26 ᠵᠦᠢᠯ ᠪᠤᠢ ᠂ ᠮᠡᠷᠭᠡᠵᠢᠯ ᠤᠨ ᠠᠵᠢᠯᠲᠠᠨ ᠤ 13 ᠵᠦᠢᠯ ᠤᠨ  ᠦᠨᠡᠮᠯᠡᠯ  ᠪᠠᠭᠳᠠᠵᠤ  ᠪᠣᠶ᠃ ᠠᠵᠢᠯ ᠮᠡᠷᠭᠡᠵᠢᠯ ᠤᠨ ᠬᠢᠷᠢ ᠬᠡᠮ ᠤᠨ ᠶᠡᠷᠦᠩᠬᠡᠶ ᠬᠡᠮᠵᠢᠶ᠎ᠡ ᠨᠢ 2017  ᠣᠨ ᠤ  ᠭᠠᠷᠴᠠᠭ  ᠲᠡᠭᠡᠷᠡᠬᠢ   ᠠᠴᠠ  68  ᠵᠦᠢᠯ ᠬᠠᠰᠤᠬᠳᠠᠵᠤ᠂ ᠬᠠᠰᠤᠬᠳᠠᠬᠰᠠᠨ ᠬᠠᠷᠢᠴᠠᠯ ᠨᠢ 49%᠎ ᠳᠤ ᠬᠦᠷᠴᠡᠶ᠃ ᠥᠭᠡᠷ᠎ᠡ ᠪᠠᠷ ᠬᠡᠯᠡᠪᠡᠯ᠂ ᠰᠢᠨ᠎ᠡ  ᠬᠡᠪᠯᠡᠯ ᠤᠨ  ᠭᠠᠷᠴᠠᠭ ᠲᠤ ᠬᠢᠷᠢ ᠬᠡᠮ ᠤᠨ ᠦᠨᠡᠮᠯᠡᠯ ᠪᠠᠷᠤᠭ ᠬᠠᠭᠠᠰ ᠢᠶᠠᠷ ᠬᠠᠰᠤᠬᠳᠠᠬᠰᠠᠨ ᠪᠠᠶᠢᠨ᠎ᠠ᠃ ᠡᠨᠡ ᠨᠢ ᠠᠵᠢᠯ ᠮᠡᠷᠭᠡᠵᠢᠯ ᠤᠨ ᠬᠢᠷᠢ  ᠬᠡᠮ ᠤᠨ ᠲᠣᠬᠢᠷᠠᠭᠤᠯᠤᠯᠲᠠ ᠶᠢᠨ  ᠬᠠᠮᠢᠶᠠᠷᠤᠯᠲᠠ   ᠶᠢ  ᠰᠢᠨᠵᠢᠯᠡᠬᠦ  ᠤᠬᠠᠭᠠᠨᠴᠢᠯᠠᠬᠤ᠂  ᠵᠢᠷᠤᠮᠵᠢᠭᠤᠯᠬᠤ  ᠬᠢᠷᠢ  ᠲᠦᠪᠰᠢᠨ ᠢ   ᠤᠯᠠᠮ ᠴᠢᠨᠠᠬᠰᠢᠳᠠ ᠳᠡᠭᠡᠭᠰᠢᠯᠡᠭᠦᠯᠵᠦ᠂ ᠠᠵᠢᠯ ᠣᠯᠭᠤᠵᠤ ᠦᠢᠯᠡᠰ ᠪᠤᠰᠬᠠᠬᠤ ᠪᠠᠷᠢᠮᠵᠢᠶ᠎ᠠ ᠶᠢ ᠪᠠᠭᠤᠷᠠᠭᠤᠯᠬᠤ ᠶᠢ ᠠᠬᠢᠭᠤᠯᠵᠤ᠂  ᠠᠵᠢᠯ ᠣᠯᠭᠤᠵᠤ ᠦᠢᠯᠡᠰ ᠪᠤᠰᠬᠠᠬᠤ ᠣᠷᠴᠢᠨ  ᠲᠤᠭᠤᠷᠢᠨ ᠢ  ᠰᠢᠯᠢᠳᠡᠭᠵᠢᠬᠦᠯᠵᠦ᠂  ᠵᠠᠬ᠎ᠠ  ᠳᠡᠯᠭᠡᠭᠦᠷ ᠤᠨ  ᠪᠡᠶᠡᠴᠢ  ᠴᠣᠭᠴᠠ ᠶᠢᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠦᠭᠵᠢᠭᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃              ᠡᠳᠡᠭᠡᠷ ᠠᠵᠢᠯ ᠮᠡᠷᠭᠡᠵᠢᠯ ᠤᠨ ᠬᠢᠷᠢ ᠬᠡᠮ ᠢ ᠭᠠᠷᠴᠠᠭ ᠠᠴᠠ ᠬᠠᠰᠤᠪᠠ᠄               ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ  ᠬᠢᠷᠢ  ᠬᠡᠮ ᠤᠨ  ᠲᠠᠯ᠎ᠠ ᠪᠠᠷ᠂  《  ᠬᠢᠯᠢ ᠪᠠᠷ  ᠭᠠᠷᠴᠤ ᠣᠷᠣᠬᠤ ᠬᠢᠵᠢᠭ ᠪᠠᠶᠢᠴᠠᠭᠠᠵᠤ ᠰᠢᠢᠳᠪᠦᠷᠢᠯᠡᠬᠦ ᠠᠵᠢᠯᠲᠠᠨ ᠤ ᠬᠢᠷᠢ ᠬᠡᠮ》᠂ 《 ᠬᠥᠳᠡᠭᠡ ᠲᠣᠰᠬᠤᠨ ᠤ  ᠮᠠᠯ  ᠤᠨ  ᠡᠮᠴᠢ  ᠶᠢᠨ ᠬᠢᠷᠢ  ᠬᠡᠮ》 ᠪᠣᠯᠤᠨ  ᠬᠠᠶᠢᠨ  ᠪᠠᠶᠢᠴᠠᠭᠠᠵᠤ  ᠵᠢᠷᠤᠭᠯᠠᠨ  ᠲᠥᠯᠥᠪᠯᠡᠬᠦ  ᠳᠠᠩᠰᠠᠯᠠᠭᠤᠯᠤᠭᠰᠠᠨ  ᠢᠨᠵᠧᠨᠧᠷ ᠤᠨ   ᠳᠤᠤᠷᠠᠬᠢ 《  ᠳᠠᠩᠰᠠᠯᠠᠭᠤᠯᠤᠭᠰᠠᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠢᠨᠵᠧᠨᠧᠷ》᠂ 《 ᠳᠠᠩᠰᠠᠯᠠᠭᠤᠯᠤᠭᠰᠠᠨ ᠲᠡᠮᠦᠷᠯᠢᠭ ᠪᠣᠯᠪᠠᠰᠤᠷᠠᠭᠤᠯᠬᠤ ᠢᠨᠵᠧᠨᠧᠷ》᠂ 《  ᠳᠠᠩᠰᠠᠯᠠᠭᠤᠯᠤᠭᠰᠠᠨ ᠠᠭᠤᠷᠬᠠᠶ  ᠡᠷᠦᠳᠡᠰᠦ ᠶᠢᠨ  ᠢᠨᠵᠧᠨᠧᠷ》᠂  《  ᠳᠠᠩᠰᠠᠯᠠᠭᠤᠯᠤᠭᠰᠠᠨ ᠮᠧᠬᠠᠨᠢᠭ ᠤᠨ ᠢᠨᠵᠧᠨᠧᠷ》  ᠢ ᠭᠠᠷᠴᠠᠭ ᠠᠴᠠ  ᠬᠠᠰᠤᠵᠤ᠂  ᠠᠵᠢᠯ  ᠡᠷᠬᠢᠯᠡᠭᠰᠡᠳ  ᠠᠵᠢᠯ  ᠲᠥᠷᠥᠯ ᠤᠨ  ᠪᠠᠷᠢᠮᠵᠢᠶ᠎ᠠ   ᠪᠠᠨ ᠦᠨᠳᠦᠰᠦᠯᠡᠨ ᠮᠡᠷᠭᠡᠵᠢᠯ ᠤᠨ ᠠᠵᠢᠯᠯᠠᠭ᠎ᠠ ᠥᠷᠨᠢᠭᠦᠯᠦᠨ᠎ᠡ᠃              ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠠᠯ᠎ᠠ ᠪᠠᠷ᠂ ᠬᠢᠷᠢ ᠲᠦᠪᠰᠢᠨ ᠢ ᠦᠨᠡᠯᠡᠬᠦ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠤᠯᠤᠰ ᠤᠨ ᠠᠵᠢᠯ ᠮᠡᠷᠭᠡᠵᠢᠯ ᠤᠨ  ᠬᠢᠷᠢ ᠬᠡᠮ ᠤᠨ ᠭᠠᠷᠴᠠᠭ ᠠᠴᠠ ᠬᠠᠰᠤᠪᠠ᠃ ᠣᠯᠠᠨ  ᠨᠡᠶᠢᠲᠡ ᠶᠢᠨ  ᠠᠮᠤᠷ  ᠲᠦᠪᠰᠢᠨ᠂  ᠬᠥᠮᠦᠨ ᠤ  ᠪᠡᠶ᠎ᠡ ᠶᠢᠨ  ᠡᠷᠡᠭᠦᠯ  ᠮᠡᠨᠳᠦ ᠵᠡᠷᠭᠡ ᠲᠠᠢ ᠨᠢᠭᠲᠠ ᠬᠤᠯᠪᠤᠬᠳᠠᠬᠤ ᠠᠵᠢᠯ ᠮᠡᠷᠭᠡᠵᠢᠯ ᠤᠨ ᠲᠥᠷᠥᠯ ᠠᠴᠠ ᠭᠠᠳᠠᠨ᠎ᠠ᠂ ᠬᠢᠷᠢ ᠲᠦᠪᠰᠢᠨ ᠢ ᠦᠨᠡᠯᠡᠬᠦ ᠲᠥᠷᠥᠯ ᠤᠨ 73 ᠵᠦᠢᠯ ᠤᠨ ᠤᠷ᠎ᠠ  ᠴᠢᠳᠠᠪᠤᠷᠢ ᠶᠢᠨ  ᠠᠵᠢᠯᠲᠠᠨ ᠤ  ᠠᠵᠢᠯ  ᠮᠡᠷᠭᠡᠵᠢᠯ ᠤᠨ  ᠬᠢᠷᠢ  ᠬᠡᠮ ᠢ  ᠪᠦᠬᠦᠨ ᠢ  ᠭᠠᠷᠴᠠᠭ  ᠠᠴᠠ ᠬᠠᠰᠤᠵᠤ ᠂ ᠳᠠᠭᠢᠵᠤ ᠮᠠᠭᠠᠳᠯᠠᠨ ᠲᠣᠭᠲᠠᠭᠠᠵᠤ ᠦᠨᠡᠮᠯᠡᠯ  ᠣᠯᠭᠤᠬᠤ   ᠶᠢ  ᠵᠠᠰᠠᠭ ᠤᠨ  ᠣᠷᠳᠣᠨ  ᠪᠤᠶᠤ  ᠲᠡᠭᠦᠨ ᠤ  ᠡᠷᠬᠡ ᠤᠯᠭᠤᠬᠰᠠᠨ ᠨᠢᠭᠡᠴᠡ ᠬᠠᠮᠢᠶᠠᠷᠬᠤ ᠥᠬᠡᠶ ᠬᠡᠪᠡ᠃               ᠪᠠᠰᠠ ᠬᠥᠮᠦᠨ ᠤ  ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ  ᠪᠠᠲᠤᠯᠠᠭ᠎ᠠ ᠶᠢᠨ  ᠰᠠᠯᠠᠭ᠎ᠠ  ᠮᠥᠴᠢᠷ  ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠬᠠᠰᠤᠬᠤ ᠪᠣᠳᠠᠲᠠᠶ ᠠᠵᠢᠯ ᠢ ᠬᠡᠷᠡᠭᠵᠢᠭᠦᠯᠦᠨ᠎ᠡ᠃ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ  ᠰᠢᠨ᠎ᠡ  ᠭᠠᠷᠴᠠᠭ ᠲᠤ᠂  ᠬᠥᠮᠦᠨ ᠤ  ᠬᠦᠴᠦᠨ ᠤ  ᠡᠬᠢ  ᠪᠠᠶᠠᠯᠢᠭ  ᠪᠠ  ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢᠭᠡᠨᠲᠡ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠪᠣᠳᠠᠲᠠᠶ ᠬᠡᠷᠡᠭᠵᠢᠭᠦᠯᠬᠦ ᠠᠵᠢᠯ ᠢ ᠡᠭᠦᠷᠭᠡᠯᠡᠬᠦ ᠪᠠᠨ ᠪᠤᠯᠢᠪᠠ ᠬᠡᠵᠡᠢ᠃                       ᠡᠳᠡᠭᠡᠷ ᠠᠵᠢᠯ ᠮᠡᠷᠭᠡᠵᠢᠯ ᠤᠨ ᠬᠢᠷᠢ ᠬᠡᠮ ᠢ ᠭᠠᠷᠴᠠᠭ ᠲᠤ ᠤᠷᠤᠭᠤᠯᠪᠠ᠄              ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠠᠯ᠎ᠠ ᠪᠠᠷ᠂《  ᠨᠠᠷᠢᠯᠢᠭ  ᠪᠣᠳᠣᠭᠴᠢ》᠂ 《 ᠠᠭᠤᠷᠬᠠᠶ ᠶᠢᠨ ᠦᠢᠯᠡᠰ ᠤᠨ ᠡᠷᠬᠡ ᠶᠢᠨ ᠦᠨᠡᠯᠡᠨ ᠵᠢᠱᠢᠭᠴᠢ》  ᠶᠢᠨ  ᠬᠢᠷᠢ  ᠲᠦᠪᠰᠢᠨ ᠤ  ᠦᠨᠡᠯᠡᠯᠲᠡ ᠶᠢᠨ  ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠢ ᠰᠢᠨ᠎ᠡ ᠪᠠᠷ ᠨᠡᠮᠡᠨ  ᠤᠷᠤᠭᠤᠯᠵᠤ᠂  ᠡᠮᠴᠢ ᠶᠢᠨ  ᠬᠢᠷᠢ  ᠬᠡᠮ ᠤᠨ  ᠳᠤᠤᠷ᠎ᠠ 《  ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ ᠡᠮᠴᠢ》 ᠶᠢᠨ ᠰᠠᠯᠪᠤᠷᠢ ᠵᠦᠢᠯ ᠎ ᠢ ᠭᠠᠷᠭᠠᠪᠠ᠃ ᠰᠢᠨ᠎ᠡ ᠪᠠᠷ ᠨᠡᠮᠡᠵᠦ  ᠤᠷᠤᠭᠤᠯᠤᠬᠰᠠᠨ ᠠᠵᠢᠯ ᠮᠡᠷᠭᠡᠵᠢᠯ ᠤᠨ ᠬᠢᠷᠢ ᠬᠡᠮ ᠤᠨ ᠲᠥᠷᠥᠯ ᠵᠦᠢᠯ ᠨᠢ ᠴᠥᠮ ᠨᠡᠯᠢᠶᠡᠳ ᠴᠢᠩᠭ᠎ᠠ ᠲᠤᠰᠬᠠᠶ  ᠮᠡᠷᠭᠡᠵᠢᠯ ᠤᠨ  ᠴᠢᠨᠠᠷ  ᠪᠣᠯᠤᠨ ᠨᠡᠶᠢᠭᠡᠮ ᠤᠨ ᠨᠡᠶᠢᠳᠡᠮ ᠬᠡᠷᠡᠭᠯᠡᠭᠡᠨ ᠤ ᠴᠢᠨᠠᠷ ᠲᠠᠢ ᠪᠦᠭᠡᠳ ᠮᠡᠷᠭᠡᠵᠢᠯ ᠴᠢᠳᠠᠪᠤᠷᠢ ᠶᠢᠨ  ᠱᠠᠭᠠᠷᠳᠠᠯᠭ᠎ᠠ ᠨᠢ  ᠨᠡᠯᠢᠶᠡᠳ  ᠥᠨᠳᠥᠷ᠂ ᠠᠵᠢᠯ ᠲᠥᠷᠥᠯ ᠤᠨ ᠬᠠᠮᠢᠶᠠᠷᠤᠯᠲᠠ ᠪᠣᠯᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠳᠤ ᠦᠨᠡᠨᠬᠦ ᠬᠡᠷᠡᠭᠴᠡᠭᠡ ᠲᠠᠢ ᠶᠤᠮ᠃              ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠠᠯ᠎ᠠ ᠪᠠᠷ᠂ ᠬᠥᠮᠦᠰ ᠤᠨ ᠬᠢᠷᠢ  ᠬᠡᠮ ᠳᠤ ᠬᠤᠯᠪᠣᠭᠳᠠᠬᠤ  ᠵᠠᠰᠠᠭ  ᠵᠠᠬᠢᠷᠭᠠᠨ ᠤ  ᠵᠥᠪᠰᠢᠶᠡᠷᠡᠯ ᠤᠨ  ᠵᠦᠢᠯᠡᠰ ᠢ  ᠣᠷᠣᠬᠤ ᠶᠢ   ᠵᠥᠪᠰᠢᠶᠡᠷᠡᠬᠦ   ᠲᠥᠷᠥᠯ ᠤᠨ   ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠲᠤ ᠣᠷᠣᠭᠤᠯᠵᠤ᠂ 《  ᠠᠶᠤᠯᠲᠠᠶ ᠡᠳ᠋  ᠪᠠᠷᠠᠭ᠎ᠠ᠂ ᠬᠢᠮᠢ ᠶᠢᠨ ᠪᠤᠳᠠᠰ ᠤᠨ ᠲᠡᠭᠡᠭᠡᠪᠦᠷᠢ ᠶᠢᠨ ᠠᠵᠢᠯ ᠡᠷᠭᠢᠯᠡᠭᠰᠡᠳ》 ᠵᠠᠮ ᠲᠡᠭᠡᠭᠡᠪᠦᠷᠢ ᠶᠢᠨ  ᠠᠵᠢᠯ  ᠡᠷᠭᠢᠯᠡᠭᠰᠡᠳ》《  ᠣᠨᠴᠠ ᠲᠥᠷᠥᠯ ᠤᠨ  ᠠᠵᠢᠯ  ᠡᠷᠭᠢᠯᠡᠭᠰᠡᠳ》  《  ᠪᠠᠷᠢᠯᠭ᠎ᠠ  ᠪᠠᠷᠢᠬᠤ  ᠣᠨᠴᠠ  ᠲᠥᠷᠥᠯ ᠤᠨ  ᠠᠵᠢᠯ  ᠡᠷᠭᠢᠯᠡᠭᠰᠡᠳ》《 ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯ  ᠡᠷᠭᠢᠯᠡᠭᠰᠡᠳ》 ᠵᠡᠷᠭᠡ   ᠶᠢ  ᠣᠷᠣᠬᠤ ᠶᠢ ᠵᠥᠪᠰᠢᠶᠡᠷᠡᠬᠦ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠳᠤ ᠰᠢᠨ᠎ᠡ ᠪᠠᠷ ᠨᠡᠮᠡᠵᠦ ᠤᠷᠤᠭᠤᠯᠪᠠ᠃              2020 ᠣᠨ ᠤ 7 ᠰᠠᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ《  ᠬᠢᠷᠢ ᠲᠦᠪᠰᠢᠨ ᠢ ᠦᠨᠡᠯᠡᠬᠦ ᠲᠥᠷᠥᠯ ᠤᠨ ᠤᠷ᠎ᠠ ᠴᠢᠳᠠᠪᠤᠷᠢ ᠶᠢᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠭᠠᠷᠴᠠᠭ ᠠᠴᠠ ᠬᠠᠰᠤᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ》 ᠳᠠᠷᠤᠮᠠᠯᠯᠠᠨ ᠲᠠᠷᠬᠠᠭᠠᠵᠤ᠂ ᠬᠢᠷᠢ ᠬᠡᠮ  ᠢ ᠬᠠᠰᠤᠬᠤ ᠭᠠᠷᠴᠠᠭ ᠢ ᠨᠡᠶᠢᠳᠡᠯᠡᠬᠦ ᠠᠴᠠ ᠡᠮᠦᠨ᠎ᠡ ᠨᠢᠭᠡᠨᠲᠡ ᠤᠯᠤᠬᠰᠠᠨ  ᠠᠵᠢᠯ  ᠮᠡᠷᠭᠡᠵᠢᠯ ᠤᠨ  ᠬᠢᠷᠢ  ᠬᠡᠮ ᠤᠨ  ᠦᠨᠡᠮᠯᠡᠯ ᠨᠢ ᠦᠷᠭᠦᠯᠵᠢᠯᠡᠨ ᠬᠡᠷᠡᠭᠯᠡᠬᠦ ᠬᠦᠴᠦᠨ ᠲᠠᠢ᠂ ᠦᠨᠡᠮᠯᠡᠯ ᠲᠠᠢ ᠬᠥᠮᠦᠨ ᠨᠢ ᠠᠵᠢᠯ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠤ ᠭᠡᠷᠡᠴᠢ ᠪᠣᠯᠭᠠᠵᠤ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ᠃       
    