| | ᠯᠢ ᠺᠧ ᠴᠢᠶᠠᠩ ᠸᠠᠩ ᠬᠤ᠋ ᠨᠢᠩ ᠬᠠᠨ ᠵᠧᠩ ᠠᠭᠤᠯᠵᠠᠯᠲᠠ ᠳᠤ | ᠣᠷᠣᠯᠴᠠᠵᠠᠢ | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 16 ᠤ | ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 15 ᠤ | ᠦᠳᠡ ᠶᠢᠨ ᠬᠤᠶᠢᠨ᠎ᠠ ᠪᠡᠭᠡᠵᠢᠩ ᠳᠤ ᠠᠮᠤᠭᠤᠯᠠᠩᠲᠤ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ᠂ ᠲᠡᠳᠡᠨ ᠳᠤ ᠬᠠᠯᠠᠭᠤᠨ ᠪᠠᠶᠠᠷ | ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠢ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠥᠨᠳᠥᠷ | ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ | ᠬᠦᠰᠡᠪᠡ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ | ᠬᠤ᠋ ᠨᠢᠩ ᠂ ᠬᠠᠨ ᠵᠧᠩ ᠠᠭᠤᠯᠵᠠᠯᠲᠠ ᠳᠤ ᠣᠷᠣᠯᠴᠠᠵᠠᠢ᠃ | ᠦᠳᠡ ᠶᠢᠨ ᠬᠤᠶᠢᠨᠠᠬᠢ 3 ᠴᠠᠭ 30 ᠮᠢᠨᠦ᠋ᠲ ᠲᠤ᠂ ᠰᠢ ᠶᠢᠨ | ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ | ᠶᠡᠭᠡ ᠲᠠᠩᠬᠢᠮ ᠳᠤ ᠬᠦᠷᠴᠦ ᠢᠷᠡᠬᠦ ᠳᠤ ᠲᠠᠯᠠᠪᠠᠢ | ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠰᠢ ᠶᠢᠨ ᠫᠢᠩ ᠨᠠᠷ ᠲᠥᠯᠥᠭᠡᠯᠡᠭᠴᠢᠳ ᠲᠠᠢ ᠭᠠᠷ ᠳᠠᠯᠠᠯᠤᠨ | ᠮᠡᠨᠳᠦᠴᠢᠯᠡᠵᠦ᠂ ᠣᠯᠠᠨ ᠲᠠᠢ ᠳᠣᠲᠣᠨᠣ ᠪᠠᠷ ᠶᠠᠷᠢᠯᠴᠠᠭᠰᠠᠨ | ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ | ᠦᠯᠡᠳᠡᠭᠡᠪᠡ᠃ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ | ᠬᠤᠷᠠᠯ 15 ᠤ ᠦᠳᠡ ᠶᠢᠨ ᠡᠮᠦᠨ᠎ᠡ ᠪᠡᠭᠡᠵᠢᠩ ᠳᠤ ᠶᠠᠪᠤᠭᠳᠠᠪᠠ᠃ | ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ | ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ | ᠳᠣᠲᠣᠨᠣ ᠬᠠᠯᠠᠮᠵᠢᠯᠠᠯ ᠢ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ | ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ | ᠳᠤᠮᠳᠠ ᠠᠴᠠ ᠣᠶᠣᠨ ᠤᠬᠠᠭᠠᠨ ᠤ ᠡᠷᠴᠢ ᠬᠦᠴᠦᠨ ᠣᠯᠵᠤ᠂ ᠨᠡᠩ | ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠯᠤᠰ | ᠲᠥᠷᠥ ᠨᠡᠩ ᠠᠮᠤᠷ ᠲᠦᠪᠰᠢᠨ᠂ ᠨᠡᠶᠢᠭᠡᠮ ᠨᠡᠩ ᠠᠮᠤᠷ ᠲᠣᠭᠲᠠᠭᠤᠨ᠂ | ᠠᠷᠠᠳ ᠲᠦᠮᠡᠨ ᠨᠡᠩ ᠠᠮᠤᠷ ᠲᠠᠶᠢᠪᠤᠩ ᠪᠠᠶᠢᠬᠤ ᠶᠢ ᠪᠠᠲᠤᠯᠠᠵᠤ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠠᠮᠤᠭᠤᠯᠠᠩᠲᠤ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ 140 ᠲᠡᠷᠢᠭᠦᠨ ᠤ ᠬᠠᠮᠲᠤ᠂ 129 | ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ 60 ᠵᠢᠱᠢᠶ᠎ᠡ ᠦᠵᠡᠭᠦᠯᠬᠦ ᠬᠤᠲᠠ ᠪᠠ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ 160 ᠵᠢᠱᠢᠶ᠎ᠡ ᠦᠵᠡᠭᠦᠯᠬᠦ ᠰᠢᠶᠠᠨ ᠳᠤ | ᠫᠠᠶᠢᠰᠠ ᠣᠯᠭᠤᠨ ᠨᠡᠷᠡᠶᠢᠳᠴᠦ᠂ 73 ᠬᠤᠲᠠ ᠰᠢᠶᠠᠨ ᠳᠤ ︽ᠴᠠᠩ ᠠᠨ | ᠬᠤᠨᠳᠠᠭ᠎ᠠ︾ ᠣᠯᠭᠤᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ | 4 ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠦᠭᠡ ᠬᠡᠯᠡᠪᠡ᠃ | ᠳ᠋ᠢᠩ ᠰᠢᠤᠸᠠᠢ ᠰᠢᠶᠠᠩ᠂ ᠶᠠᠩ ᠰᠢᠶᠣᠣ ᠳ᠋ᠦ᠋᠂ ᠴᠧᠨ ᠰᠢ᠂ | ᠬᠤᠸᠠᠩ ᠺᠦᠨ ᠮᠢᠩ᠂ ᠰᠢᠶᠣᠣ ᠵᠢᠶᠧ ᠠᠭᠤᠯᠵᠠᠯᠲᠠ ᠳᠤ ᠣᠷᠣᠯᠴᠠᠵᠤ᠂ | ᠵᠣᠣ ᠺᠧ ᡁᠢ᠂ ᠵᠸᠦ ᠴᠢᠶᠠᠩ᠂ ᠵᠠᠩ ᠵᠢᠶᠦ᠋ᠨ ᠠᠭᠤᠯᠵᠠᠯᠲᠠ ᠳᠤ | ᠣᠷᠣᠯᠴᠠᠭᠰᠠᠨ ᠪᠥᠭᠡᠳ ᠶᠡᠭᠡ ᠬᠤᠷᠠᠯ ᠳᠤ ᠣᠷᠣᠯᠴᠠᠵᠠᠢ᠃ | | |