ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
  
2021/12/17
          12 ᠳ᠋ᠤᠭᠠᠷ ᠰᠠᠷ᠎ᠠ ᠶᠢᠨ 16   ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠥᠬᠡᠶ᠂ ᠲᠤᠬᠠᠢ   ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 4  ᠬᠥᠯᠥᠨ ᠪᠤᠶᠢᠷ ᠤᠨ ᠮᠠᠨᠵᠤᠤᠷ ᠬᠤᠲᠠ ᠳᠤ 3᠂ ᠰᠢᠨ᠎ᠡ ᠪᠠᠷᠭᠤ ᠪᠠᠷᠠᠭᠤᠨ ᠬᠤᠰᠢᠭᠤᠨ ᠳᠤ 1 ᠪᠤᠢ  ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 12 ᠡᠪᠡᠳᠴᠢᠨ ᠤ ᠵᠢᠱᠢᠶ᠎ᠡ  ᠴᠥᠮ ᠬᠥᠯᠥᠨ ᠪᠤᠶᠢᠷ ᠤᠨ ᠮᠠᠨᠵᠤᠤᠷ ᠬᠤᠲᠠ ᠳᠤ ᠪᠤᠢ  ᠡᠷᠡᠭᠦᠯᠵᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠨᠠᠷᠢᠨ   ᠨᠢ ᠳᠣᠤᠷᠠᠬᠢ ᠮᠡᠲᠦ᠄          554 — 556 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠴᠥᠮ ᠮᠠᠨᠵᠤᠤᠷ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃          557 ᠳ᠋ᠤᠭᠠᠷ ᠲᠣᠳᠣᠯᠠᠭᠰᠠᠨ ᠡᠪᠡᠳᠴᠢᠨ ᠤ ᠵᠢᠱᠢᠶ᠎ᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠮᠡᠷᠭᠡᠵᠢᠯᠲᠡᠳ ᠤᠨ ᠳᠤᠭᠤᠶᠢᠯᠠᠩ ᠬᠠᠮᠲᠤᠷᠠᠨ ᠣᠨᠣᠰᠢᠯᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠪᠠ᠃         ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠲᠤᠰᠠᠭᠠᠷᠯᠠᠨ ᠡᠮᠴᠢᠯᠡᠬᠦ ᠪᠠ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠶᠠᠭ ᠶᠠᠪᠤᠭᠳᠠᠭᠤᠯᠵᠤ ᠪᠠᠶᠢᠨ᠎ᠠ᠃         12 ᠳ᠋ᠤᠭᠠᠷ ᠰᠠᠷ᠎ᠠ ᠶᠢᠨ 16   ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ   ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 493  ᠬᠥᠯᠥᠨ ᠪᠤᠶᠢᠷ ᠤᠨ ᠮᠠᠨᠵᠤᠤᠷ ᠬᠤᠲᠠ ᠳᠤ 481᠂ ᠰᠢᠨ᠎ᠡ ᠪᠠᠷᠭᠤ ᠪᠠᠷᠠᠭᠤᠨ ᠬᠤᠰᠢᠭᠤᠨ ᠳᠤ 10 ᠪᠤᠢ︔ ᠮᠠᠨᠵᠤᠤᠷ ᠬᠤᠲᠠ ᠳᠤ ᠬᠤᠯᠪᠣᠭᠳᠠᠭᠰᠠᠨ ᠲᠣᠳᠣᠯᠠᠭᠰᠠᠨ 2 ᠡᠪᠡᠳᠴᠢᠨ ᠤ ᠵᠢᠱᠢᠶ᠎ᠡ ᠨᠢ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠪᠣᠶ  ᠪᠠᠶᠢᠨ᠎ᠠ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃      
          