| | 12 ᠳ᠋ᠤᠭᠠᠷ ᠰᠠᠷ᠎ᠠ ᠶᠢᠨ 19 ᠡᠳᠦᠷ ᠤᠨ 0 — 24 ᠴᠠᠭ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠳᠤ | ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠥᠬᠡᠶ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠥᠬᠡᠶ᠃ ᠬᠢᠯᠢ ᠭᠠᠳᠠᠨ᠎ᠠ ᠠᠴᠠ ᠣᠷᠤᠵᠤ | ᠢᠷᠡᠭᠰᠡᠨ ᠲᠣᠳᠤᠯᠠᠭᠰᠠᠨ 7 ᠡᠪᠡᠳᠴᠢᠨ ᠤ ᠵᠢᠱᠢᠶ᠎ᠡ ᠴᠥᠮ | ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ | ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ | ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ | ᠰᠢᠨ᠎ᠡ ᠪᠠᠷ ᠨᠡᠮᠡᠭᠳᠡᠪᠡ᠃ ᠲᠤᠬᠠᠢ ᠶᠢᠨ ᠭᠠᠵᠠᠷ ᠤᠨ | ᠲᠣᠳᠤᠯᠠᠭᠰᠠᠨ 29 ᠡᠪᠡᠳᠴᠢᠨ ᠤ ᠵᠢᠱᠢᠶ᠎ᠡ ᠴᠦᠮ ᠬᠦᠯᠦᠨ | ᠪᠤᠶᠢᠷ ᠤᠨ ᠮᠠᠨᠵᠤᠤᠷ ᠬᠤᠲᠠ ᠳᠤ ᠡᠷᠡᠭᠦᠯᠵᠢᠵᠦ | ᠡᠮᠨᠡᠯᠭᠡ ᠠᠴᠠ ᠭᠠᠷᠪᠠ᠃ | 12 ᠳ᠋ᠤᠭᠠᠷ ᠰᠠᠷ᠎ᠠ ᠶᠢᠨ 19 ᠤ ᠡᠳᠦᠷ ᠤᠨ 24 ᠴᠠᠭ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠤ ᠵᠢᠱᠢᠶ᠎ᠡ 7᠂ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 425 ᠬᠦᠯᠦᠨ | ᠪᠣᠶᠢᠷ ᠤᠨ ᠮᠠᠨᠵᠤᠤᠷ ᠬᠤᠲᠠ ᠳᠤ 414᠂ ᠰᠢᠨ᠎ᠡ ᠪᠠᠷᠭᠤ ᠪᠠᠷᠠᠭᠤᠨ | ᠬᠤᠰᠢᠭᠤᠨ ᠳᠤ 10᠂ ᠮᠠᠨᠵᠤᠤᠷ ᠬᠤᠲᠠ ᠳᠤ ᠬᠤᠯᠪᠤᠭᠳᠠᠭᠰᠠᠨ | ᠲᠣᠳᠤᠯᠠᠭᠰᠠᠨ 1 ᠡᠪᠡᠳᠴᠢᠨ ᠤ ᠵᠢᠱᠢᠶ᠎ᠡ ᠨᠢ ᠲᠦᠩᠯᠢᠶᠣᠣ | ᠬᠤᠲᠠ ᠶᠢᠨ ᠬᠤᠷᠴᠢᠨ ᠲᠣᠭᠤᠷᠢᠭ ᠲᠤ ᠪᠠᠶᠢᠨ᠎ᠠ᠃ ᠪᠦᠬᠦᠨ ᠢ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ | ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ | ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | | |