ᠤᠷᠠᠳ ᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/12/21
           ᠤᠷᠠᠳ ᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠴᠢᠬᠤᠯᠠ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠠᠮᠤᠷ ᠲᠦᠪᠰᠢᠨ ᠵᠢᠴᠢ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠭᠤᠣᠯᠯᠠᠨ ᠬᠠᠮᠢᠶᠠᠷᠬᠤ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ ᠪᠣᠯᠤᠨ᠎ᠠ᠃           1. ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠯᠪᠣᠭᠳᠠᠯ ᠪᠦᠬᠦᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠮᠡᠷᠭᠡᠵᠢᠯ ᠤᠨ ᠬᠢᠨᠠᠯᠲᠠ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ ᡽ ᠲᠤᠰ ᠭᠠᠵᠠᠷ ᠣᠷᠣᠨ ᠤ ᠪᠠᠨ ᠲᠤᠤᠱᠯᠠᠭᠤᠯᠤᠨ ᠬᠡᠷᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠲᠡᠭᠦᠨ ᠤ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃           2. ᠠᠵᠤ  ᠦᠢᠯᠡᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠤᠨ ᠰᠠᠯᠠᠭ᠎ᠠ  ᠮᠦᠴᠢᠷ ᠤᠨ ᠬᠢᠨᠠᠯᠲᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠵᠤ  ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠤᠨ ᠰᠠᠯᠠᠭ᠎ᠠ ᠮᠡᠷᠭᠡᠵᠢᠯ ᠤᠨ ᠬᠢᠨᠠᠯᠲᠠ᠂ ᠢᠳᠡᠭᠡᠨ ᠤ  ᠵᠦᠢᠯ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠠᠴᠠ ᠵᠥᠷᠢᠴᠡᠭᠰᠡᠨ  ᠦᠢᠯᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ  ᠰᠢᠢᠳᠪᠤᠷᠢᠯᠠᠨ᠎ᠠ᠃           3. ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠠᠵᠢᠯᠯᠠᠭ᠎ᠠ ᠪᠠ ᠲᠣᠤᠷ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠥᠬᠦᠶ  ᠦᠢᠯᠡᠴᠢᠯᠡᠬᠡᠨ ᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠵᠤ᠂  ᠵᠦᠢ ᠪᠤᠰᠤ ᠥᠷᠢᠰᠥᠯᠳᠦᠭᠡᠨ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠪᠤᠶᠤ ᠬᠠᠤᠯᠢ ᠶᠣᠰᠣᠭᠠᠷ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠲᠠᠢ ᠪᠤᠰᠤᠳ ᠡᠵᠡᠩᠨᠡᠭᠴᠢ ᠶᠢᠨ ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠵᠢᠴᠢ ᠨᠢᠭᠤᠴᠠ ᠪᠠᠷ ᠠᠷᠠᠯᠵᠢᠶᠠᠯᠠᠵᠤ ᠨᠢᠭᠤᠴᠠ ᠪᠠᠷ ᠫᠠᠨᠽᠠᠯᠠᠬᠤ ᠵᠡᠷᠭᠡ ᠠᠵᠤ ᠠᠬᠤᠶ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠢᠲᠡᠭᠡᠮᠵᠢ᠂ ᠠᠵᠢᠯ ᠲᠦᠷᠦᠯ ᠤᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠢᠲᠡᠭᠡᠮᠵᠢ ᠶᠢᠨ ᠲᠦᠷᠦᠯ ᠬᠤᠪᠢᠶᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠠᠭᠤᠴᠢᠯᠠᠭᠴᠢ᠂ ᠵᠠᠭᠤᠴᠢᠯᠠᠬᠤ ᠪᠠᠶᠢᠭᠤᠯᠤᠮᠵᠢ ᠵᠢᠴᠢ ᠵᠠᠭᠤᠴᠢᠯᠠᠬᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃            4᠂ ᠢᠳᠡᠭᠡᠨ᠂ ᠡᠷᠡᠭᠦᠯᠵᠢᠯ ᠤᠨ ᠢᠳᠡᠭᠡᠨ᠂ ᠡᠮ ᠤᠨ ᠵᠦᠢᠯ᠂ ᠵᠠᠰᠠᠯ ᠴᠢᠮᠡᠭᠯᠡᠯ ᠤᠨ ᠡᠳ᠋ ᠵᠢᠴᠢ ᠡᠯ᠎ᠡ ᠲᠦᠷᠦᠯ ᠤᠨ ᠲᠠᠸᠠᠷ ᠤᠨ ᠠᠶᠤᠯᠭᠦᠶ ᠶᠢᠨ ᠪᠠᠶᠢᠴᠠᠭᠠᠯᠲᠠ᠂ ᠶᠠᠰᠤ ᠴᠢᠨᠠᠷ ᠤᠨ ᠬᠢᠨᠠᠯᠲᠠ ᠪᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ︔ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠮᠡᠳᠡᠭᠦᠯᠬᠦ ᠪᠠ ᠦᠨᠡᠮᠯᠡᠯ ᠦᠭᠡᠶ ᠪᠠᠷ ᠪᠠᠶᠢᠴᠠᠭᠠᠨ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ ᡽ ᠮᠠᠰᠢᠨᠲᠤ ᠲᠡᠷᠭᠡᠨ ᠤ ᠠᠶᠤᠯᠭᠦᠶ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠮᠡᠳᠡᠭᠦᠯᠬᠦ ᠪᠠ ᠮᠠᠰᠢᠨᠲᠤ ᠲᠡᠷᠭᠡᠨ ᠤ ᠠᠶᠤᠯᠭᠦᠶ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠳᠣᠲᠣᠷᠠᠬᠢ ᠠᠷᠢᠬᠢᠨ  ᠤ ᠵᠦᠢᠯ  ᠤᠨ ᠭᠦᠢᠯᠭᠡᠭᠡᠨ  ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠦᠨᠡᠮᠯᠡᠯ ᠥᠬᠡᠶ᠂ ᠦᠨᠡᠮᠯᠡᠯ ᠥᠬᠡᠶ ᠪᠠᠷ ᠡᠵᠡᠩᠨᠡᠬᠦ ᠦᠶ᠋ᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠵᠦ ᠬᠦᠴᠦᠨ ᠥᠬᠡᠶ ᠪᠣᠯᠭᠠᠨ᠎ᠠ︔ ᠦᠢᠯᠡᠳᠬᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠢ ᠵᠥᠷᠢᠴᠡᠨ ᠰᠢᠭᠤᠳ ᠪᠣᠷᠣᠯᠠᠭᠤᠯᠤᠭᠰᠠᠨ ᠪᠠ ᠳᠠᠮᠵᠢᠭᠤᠯᠤᠨ ᠪᠣᠷᠣᠯᠠᠭᠤᠯᠤᠭᠰᠠᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠨ᠎ᠡ᠃ ᠦᠢᠯᠡᠳᠬᠦᠨ ᠤ ᠶᠠᠰᠤ ᠴᠢᠨᠠᠷ ᠢ ᠬᠥᠨᠳᠡᠯᠡᠨ ᠠᠴᠠ ᠲᠠᠰᠤᠯᠬᠤ ᠰᠢᠯᠭᠠᠨ ᠪᠠᠶᠢᠴᠠᠭᠠᠯᠲᠠ ᠪᠠ ᠦᠢᠯᠡᠳᠬᠦᠨ ᠤ ᠶᠠᠰᠤ ᠴᠢᠨᠠᠷ ᠢ ᠬᠢᠨᠠᠨ ᠲᠣᠭᠲᠠᠭᠠᠬᠤ ᠠᠵᠢᠯ ᠢ ᠬᠠᠮᠢᠶᠠᠷᠤᠨ᠎ᠠ ᡽ ᠢᠳᠡᠭᠡᠨ ᠤ ᠠᠶᠤᠯᠭᠦᠶ ᠶᠢᠨ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠨ ︵ᠪᠠᠴᠢᠮ︶ ᠰᠢᠶ᠋ᠳᠪᠦᠷᠢᠯᠡᠬᠦ ᠪᠠ ᠶᠠᠰᠤ ᠴᠢᠨᠠᠷ ᠤᠨ ᠡ᠊ᠨᠳᠡᠯ ᠢ ᠪᠠᠶᠢᠴᠠᠭᠠᠨ ᠰᠢᠶ᠋ᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠪᠠ ᠬᠢᠷᠢ ᠲᠡᠩᠴᠡᠭᠦ ᠦᠭᠡᠶ ᠦᠢᠯᠡᠳᠬᠦᠨ ᠢ ᠰᠡᠭᠦᠯᠡᠷ ᠰᠢᠶ᠋ᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ ᡽ ᠵᠡᠷᠡᠮᠳᠡᠭ ᠦᠢᠯᠡᠳᠬᠦᠨ ᠪᠠ ᠠᠶᠤᠯ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠲᠦᠷᠢᠮ ᠢ ᠬᠡᠷᠡᠭᠵᠢᠭᠦᠯᠦᠨ᠎ᠡ᠃           5. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠢᠰᠲ᠋ᠧᠮ ᠢ ᠪᠠᠶᠢᠭᠤᠯᠤᠨ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ ᡽ ᠠᠵᠤ ᠦᠢᠯᠡᠳᠪᠦᠷᠢ ᠬᠤᠳᠠᠯᠳᠤᠭ᠎ᠠ ᠶᠢᠨ ᠪᠠᠩᠬᠢ ᠶᠢᠨ ᠲᠠᠭᠠᠷᠢᠯᠳᠠ ᠶᠢᠨ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠭᠤᠮᠣᠳᠠᠯ ᠲᠣᠭᠠᠴᠢᠬᠤ ᠪᠠ ᠢᠯᠡᠴᠢᠯᠡᠨ ᠮᠡᠳᠡᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃           6. ᠲᠤᠰ ᠭᠠᠵᠠᠷ ᠣᠷᠣᠨ  ᠤ ᠪᠠᠨ ᠵᠠᠷ ᠮᠡᠳᠡᠭᠡ  ᠶᠢᠨ ᠠᠵᠢᠯᠯᠠᠭ᠎ᠠ ᠬᠢᠭᠡᠳ ᠦᠢᠯᠡᠳᠬᠦᠨ  ᠤ ᠲᠠᠸᠠᠷ  ᠤᠨ ᠲᠡᠮᠳᠡᠭ ᠟  ᠤᠨ ᠬᠢᠨᠠᠯᠲᠠ ᠬᠠᠮᠢᠶᠠᠷᠤᠯᠲᠠ   ᠶᠢ ᠬᠠᠷᠢᠭᠤᠴᠠᠵᠤ᠂ ᠲᠠᠸᠠᠷ  ᠤᠨ ᠲᠤᠰᠬᠠᠶ ᠬᠡᠷᠡᠭᠯᠡᠬᠦ ᠡᠷᠬᠡ  ᠶᠢ ᠬᠠᠤᠯᠢ ᠶᠣᠰᠣᠭᠠᠷ ᠬᠠᠮᠠᠭᠠᠯᠠᠬᠤ ᠪᠠ ᠲᠠᠸᠠᠷ  ᠤᠨ ᠲᠡᠮᠳᠡᠭ  ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ  ᠶᠢ ᠪᠠᠶᠢᠴᠠᠭᠠᠨ ᠰᠢᠶ᠋ᠳᠪᠦᠷᠢᠯᠡᠨ᠎ᠡ᠃ ᠭᠡᠷ᠎ᠡ ᠶᠢᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠬᠥᠳᠡᠯᠬᠦ ᠬᠥᠷᠥᠩᠭᠡ ᠶᠢᠨ ᠪᠠᠷᠢᠴᠠᠭᠠᠨ ᠤ ᠡᠳ᠋ ᠢ ᠳᠡᠩᠰᠡᠯᠡᠨ ᠲᠡᠮᠳᠡᠭᠯᠡᠬᠦ ᠶᠢ ᠬᠠᠷᠢᠭᠤᠴᠠᠨ ᠬᠠᠮᠢᠶᠠᠷᠴᠤ᠂ ᠦᠨ᠎ᠡ ᠬᠠᠶᠠᠵᠤ ᠬᠤᠳᠠᠯᠳᠤᠬᠤ ᠦᠢᠯᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠢᠨᠠᠨ ᠬᠠᠮᠢᠶᠠᠷᠴᠤ᠂ ᠭᠡᠷ᠎ᠡ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ  ᠦᠢᠯᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃           7. ᠲᠣᠰ ᠭᠠᠵᠠᠷ ᠣᠷᠣᠨ ᠤ ᠪᠠᠨ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠂ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠯᠠᠨ ᠤᠯᠤᠰ ᠤᠨ ᠪᠠᠷᠢᠮᠵᠢᠶ᠎ᠠ ᠶᠢ ᠬᠡᠷᠡᠭᠯᠡᠬᠦ ᠠᠵᠢᠯ ᠢ ᠬᠡᠷᠡᠭᠵᠢᠭᠦᠯᠦᠨ᠎ᠡ︔ ᠦᠢᠯᠡᠳᠬᠦᠨ ᠤ ᠪᠠᠷᠢᠮᠵᠢᠶ᠎ᠠ ᠶᠢ ᠳᠠᠩᠰᠠᠯᠠᠬᠤ ᠪᠠ ᠠᠵᠤ ᠠᠬᠤᠶᠢᠯᠠᠯ ᠤᠨ ᠦᠢᠯᠡᠳᠬᠦᠨ ᠤ ᠪᠠᠷᠢᠮᠵᠢᠶ᠎ᠠ ᠶᠢ ᠳᠠᠩᠰᠠᠯᠠᠬᠤ ᠠᠵᠢᠯ ᠢ ᠬᠠᠮᠢᠶᠠᠷᠤᠨ᠎ᠠ ᡽ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ ᠴᠢᠬᠤᠯᠠ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ︔ ᠲᠤᠰ ᠭᠠᠵᠠᠷ ᠣᠷᠣᠨ ᠤ ᠪᠠᠨ ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠢ ᠮᠡᠳᠡᠭᠦᠯᠬᠦ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠲᠣᠰ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠢ ᠬᠠᠮᠢᠶᠠᠷᠴᠤ᠂ ᠲᠠᠸᠠᠷ ᠤᠨ ᠵᠢᠷᠤᠭᠠᠰᠤᠨ ᠺᠣᠳ᠋ ᠪᠠ ᠪᠠᠷᠢᠮᠵᠢᠶᠠᠵᠢᠭᠤᠯᠤᠭᠰᠠᠨ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ ᠃           8. ᠲᠤᠰ ᠭᠠᠵᠠᠷ ᠣᠷᠣᠨ ᠤ ᠪᠠᠨ ᠬᠡᠮᠵᠢᠯᠲᠡ ᠶᠢᠨ ᠠᠵᠢᠯ ᠢ ᠬᠠᠷᠢᠭᠤᠴᠠᠨ ᠬᠠᠮᠢᠶᠠᠷᠤᠨ᠎ᠠ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ︔ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ︔ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠠᠤᠯᠢ ᠪᠠᠷ ᠲᠣᠭᠲᠠᠭᠠᠭᠰᠠᠨ᠂ ᠡᠷᠬᠡ ᠣᠯᠭᠤᠭᠰᠠᠨ ᠬᠡᠮᠵᠢᠯᠲᠡ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠪᠠ ᠬᠡᠮᠵᠢᠯᠲᠡ ᠶᠢᠨ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠵᠤ ᠬᠠᠮᠢᠶᠠᠷᠤᠨ᠎ᠠ᠃           9᠂ ᠲᠤᠰ ᠭᠠᠵᠠᠷ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ︔ ᠲᠣᠰ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡ᠊ᠨᠳᠡᠯ ᠢ ᠪᠠᠶᠢᠴᠠᠭᠠᠨ ᠰᠢᠶ᠋ᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃           10᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠮᠡᠷᠭᠡᠵᠢᠯ ᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠡᠮ ᠤᠨ ᠵᠦᠶ᠋ᠯ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠤᠰᠢᠭᠤᠨ ᠳᠣᠲᠣᠷᠠᠬᠢ ᠤᠯᠤᠰ ᠤᠨ ᠵᠣᠷ ᠤᠨ ᠡᠮ ᠪᠠ ᠵᠣᠷ ᠤᠨ ᠪᠤᠰᠤ ᠡᠮ ᠢ ᠲᠥᠷᠥᠯ ᠬᠤᠪᠢᠶᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠬᠢᠲᠠᠳ ︵ᠮᠣᠩᠭᠤᠯ︶ ᠡᠮ ᠤᠨ ᠵᠦᠶ᠋ᠯ ᠤᠨ ᠬᠠᠮᠠᠭᠠᠯᠠᠯᠲᠠ ᠶᠢᠨ ᠲᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ ︔  ᠡᠮ ᠤᠨ ᠵᠦᠶ᠋ᠯ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠷᠢᠮ ᠪᠠ ᠵᠣᠷ ᠤᠨ ᠡᠮ᠂ ᠵᠣᠷ ᠤᠨ ᠪᠤᠰᠤ ᠡᠮ᠂ ᠬᠢᠲᠠᠳ ᠮᠣᠩᠭᠤᠯ ᠡᠮ ᠤᠨ ᠮᠠᠲ᠋ᠧᠷᠢᠶᠠᠯ  ᠳᠤ ᠬᠢᠨᠠᠯᠲᠠ ᠲᠠᠯᠪᠢᠨ᠎ᠠ︔ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠪᠠ ᠡᠯ᠎ᠡ ᠲᠥᠷᠥᠯ ᠤᠨ ᠡᠮ ᠤᠨ ᠵᠦᠶ᠋ᠯ ᠤᠨ ᠠᠷᠠᠯᠵᠢᠶᠠᠨ ᠤ ᠴᠤᠭᠯᠠᠭᠠᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠪᠠᠭᠠᠵᠢ ᠬᠡᠷᠡᠭᠰᠡᠯ ᠢ ᠬᠡᠷᠡᠭᠯᠡᠬᠦ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠮᠢᠨᠴᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠬᠤᠣᠷᠲᠤ ᠡᠮ ᠤᠨ ᠵᠦᠢᠯ᠂ ᠰᠠᠴᠤᠷᠠᠭ ᠢᠳᠡᠪᠬᠢ ᠴᠢᠨᠠᠷᠲᠠᠶ ᠡᠮ ᠤᠨ ᠵᠦᠢᠯ᠂ ᠬᠤᠣᠷᠲᠤ ᠡᠳ᠋ ᠦᠢᠯᠡᠳᠬᠦ ᠳᠤ ᠬᠢᠯᠪᠠᠷ ᠬᠢᠮᠢ ᠶᠢᠨ ᠵᠦᠢᠯ᠂ ᠡᠮ ᠠᠴᠠ ᠢᠷᠡᠯᠲᠡ ᠲᠠᠢ ᠬᠥᠭᠡᠷᠦᠭᠦᠯᠬᠦ ᠡᠮ ᠵᠢᠴᠢ ᠣᠨᠴᠠ ᠲᠥᠷᠥᠯ ᠤᠨ ᠡᠮ ᠤᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃           11᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠠᠵᠢᠯᠲᠠᠨ ᠤ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠲᠠᠭᠠᠷᠢᠯᠳᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃           12᠂ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠤᠨ᠎ᠠ᠃           13᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠶ᠋ᠯᠡᠰ ᠢ ᠳᠠᠭᠠᠭᠠᠨ ᠭᠦᠶ᠋ᠴᠡᠳᠬᠡᠨ᠎ᠡ᠃ 
ᠢᠷᠡᠯᠲᠡ᠄ ᠲᠤᠰ ᠰᠦᠯᠵᠢᠶ᠎ᠠ