ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ | 21 ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ | ᠫᠢᠩ 12 ᠰᠠᠷ᠎ᠠ ᠶᠢᠨ 21 ᠤᠷᠤᠢ ᠭᠧᠷᠮᠠᠨ ᠤ ᠶᠡᠷᠦᠩᠬᠡᠢ ᠰᠠᠶᠢᠳ | ᠱᠦᠸᠧᠷᠽᠢ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ ᠱᠦᠸᠧᠷᠽᠢ ᠶᠢᠨ ᠭᠧᠷᠮᠠᠨ ᠤ ᠶᠡᠷᠦᠩᠬᠡᠢ | ᠰᠠᠶᠢᠳ ᠪᠣᠯᠤᠭᠰᠠᠨ ᠳᠤ ᠳᠠᠬᠢᠨᠲᠠ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠳᠤᠮᠳᠠᠳᠤ ᠭᠧᠷᠮᠠᠨ ᠤ | ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠃ ᠤᠢᠢᠷ᠎ᠠ ᠶᠢᠨ ᠵᠢᠯ ᠠᠴᠠ᠂ ᠳᠤᠮᠳᠠᠳᠤ ᠭᠧᠷᠮᠠᠨ ᠤ | ᠬᠠᠮᠲᠤᠷᠠᠯᠴᠠᠭ᠎ᠠ ᠨᠢ ᠳᠤᠮᠳᠠᠳᠤ ᠧᠦ᠋ᠷᠣᠫᠠ ᠶᠢᠨ | ᠬᠠᠮᠲᠤᠷᠠᠯᠴᠠᠭᠠᠨ ᠤ 《 ᠲᠠᠭᠠᠭᠤᠯᠤᠬᠴᠢ》 ᠪᠣᠯᠤᠭᠰᠠᠭᠠᠷ | ᠢᠷᠡᠵᠠᠢ᠂ ᠡᠨᠡ ᠪᠣᠯ ᠬᠤᠶᠠᠷ ᠤᠯᠤᠰ ᠤᠨ ᠴᠠᠭ ᠦᠶ᠎ᠡ ᠶᠢᠨ | ᠬᠥᠭᠵᠢᠯᠲᠡ ᠶᠢᠨ ᠤᠷᠤᠰᠬᠠᠯ ᠢ ᠲᠠᠭᠠᠵᠤ ᠬᠢᠭᠰᠡᠨ ᠵᠥᠪ | ᠰᠣᠩᠭᠤᠯᠲᠠ ᠪᠣᠯᠤᠨ᠎ᠠ᠃ ᠢᠷᠡᠬᠦ ᠵᠢᠯ ᠳᠤᠮᠳᠠᠳᠤ ᠭᠧᠷᠮᠠᠨ ᠤ | ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ | ᠪᠣᠯᠤᠨ᠎ᠠ᠃ ᠬᠠᠭᠠᠰ ᠵᠠᠭᠤᠨ ᠢ ᠡᠷᠭᠢᠴᠡᠭᠦᠯᠬᠦᠶ᠎ᠡ᠂ ᠳᠤᠮᠳᠠᠳᠤ | ᠭᠧᠷᠮᠠᠨ ᠤ ᠬᠠᠷᠢᠯᠴᠠᠭ᠎ᠠ ᠭᠦᠢᠴᠡᠳ ᠠᠮᠢᠵᠢᠷᠠᠯ ᠤᠨ ᠬᠦᠴᠦᠨ᠂ | ᠳᠠᠭᠠᠭᠠᠮᠠᠭᠠᠢ ᠬᠦᠴᠦᠨ᠂ ᠤᠶᠠᠨ ᠬᠠᠳᠠᠨ ᠴᠢᠨᠠᠷ᠂ ᠳᠠᠯᠳᠠ | ᠬᠦᠴᠦᠨ ᠢ ᠢᠯᠡᠷᠡᠭᠦᠯᠪᠡ︔ ᠢᠷᠡᠭᠡᠳᠦᠢ ᠶᠢᠨ 50 ᠵᠢᠯ ᠢ | ᠪᠠᠷᠠᠯᠠᠬᠤᠶ᠎ᠠ᠂ ᠬᠤᠶᠠᠷ ᠤᠯᠤᠰ ᠢᠶᠠᠷ ᠢᠶᠠᠨ ᠪᠦᠬᠦ | ᠪᠥᠮᠪᠥᠷᠴᠡᠭ ᠲᠤ ᠬᠠᠨᠳᠤᠵᠤ᠂ ᠠᠯᠤᠰ ᠬᠡᠳᠦ ᠶᠢ | ᠪᠣᠳᠣᠯᠬᠢᠯᠠᠵᠤ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ | ᠭᠧᠷᠮᠠᠨ ᠤ ᠬᠠᠷᠢᠯᠴᠠᠭ᠎ᠠ ᠶᠢᠨ ᠰᠢᠨ᠎ᠡ ᠬᠥᠭᠵᠢᠯᠲᠡ ᠶᠢ | ᠴᠢᠷᠮᠠᠶᠢᠨ ᠪᠡᠶᠡᠯᠡᠭᠦᠯᠪᠡᠯ ᠵᠣᠬᠢᠨ᠎ᠠ᠃ | ᠨᠢᠭᠡᠳᠦᠭᠡᠷ ᠲᠤ᠂ ᠪᠠᠶᠢᠯᠳᠤᠬᠤ ᠪᠤᠳᠤᠯᠭ᠎ᠠ ᠶᠢᠨ | ᠦᠨᠳᠦᠷᠴᠡ ᠠᠴᠠ ᠬᠤᠶᠠᠷ ᠤᠯᠤᠰ ᠤᠨ ᠬᠠᠷᠢᠯᠴᠠᠭᠠᠨ ᠤ ᠶᠡᠭᠡ | ᠴᠢᠭᠯᠡᠯ ᠢ ᠡᠵᠡᠮᠳᠡᠬᠦ ᠶᠢ ᠪᠠᠷᠢᠮᠲᠠᠯᠠᠶ᠎ᠠ᠃ ᠳᠤᠮᠳᠠᠳᠤ | ᠭᠧᠷᠮᠠᠨ ᠪᠣᠯ ᠴᠥᠮ ᠴᠢᠬᠤᠯᠠ ᠨᠥᠯᠥᠭᠡ ᠲᠠᠢ ᠲᠤᠮᠤ ᠤᠯᠤᠰ | ᠪᠣᠯᠤᠨ᠎ᠠ᠂ ᠬᠤᠶᠠᠷ ᠤᠯᠤᠰ ᠤᠨ ᠬᠠᠷᠢᠯᠴᠠᠭ᠎ᠠ ᠰᠠᠶᠢᠨ | ᠬᠥᠭᠵᠢᠬᠦ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ | ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠬᠦ ᠪᠠᠷ | ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠳᠤ ᠴᠤ ᠠᠰᠢᠭᠲᠠᠢ ᠶᠤᠮ᠃ ᠬᠤᠶᠠᠷ | ᠲᠠᠯ᠎ᠠ ᠪᠠᠷ ᠢᠶᠠᠨ ᠨᠦᠭᠦᠭᠡ ᠡᠳᠡᠭᠡᠳ ᠤᠨ ᠢᠶᠠᠨ | ᠬᠥᠭᠵᠢᠯᠲᠡ ᠶᠢ ᠠᠵᠠ ᠲᠣᠬᠢᠶᠠᠯ ᠢᠶᠠᠷ ᠦᠵᠡᠬᠦ ᠶᠢ | ᠪᠠᠷᠢᠮᠲᠠᠯᠠᠵᠤ᠂ ᠳᠡᠭᠡᠳᠦ ᠳᠠᠪᠬᠤᠷᠭ᠎ᠠ ᠶᠢᠨ ᠬᠦᠲᠦᠯᠦᠨ | ᠳᠠᠭᠠᠭᠤᠯᠬᠤ ᠰᠢᠯᠢᠳᠡᠭ ᠤᠯᠠᠮᠵᠢᠯᠠᠯ ᠢᠶᠠᠨ ᠪᠠᠲᠤᠯᠠᠵᠤ᠂ | ᠳᠤᠮᠳᠠᠳᠤ ᠭᠧᠷᠮᠠᠠ ᠤ ᠬᠠᠷᠢᠯᠴᠠᠭ᠎ᠠ ᠶᠢᠨ ᠬᠥᠭᠵᠢᠯᠲᠡ ᠳᠤ | ᠠᠶᠠᠯᠠᠯ ᠢ ᠵᠢᠯᠤᠭᠤᠳᠴᠤ ᠴᠢᠭᠯᠡᠯ ᠢ ᠨᠢ ᠲᠣᠭᠲᠠᠭᠠᠵᠤ ᠥᠭᠬᠦ | ᠬᠡᠷᠡᠭᠲᠡᠢ᠃ ᠬᠤᠶᠠᠷ ᠲᠠᠯ᠎ᠠ ᠶᠢᠨ ᠶᠠᠷᠢᠯᠴᠠᠭ᠎ᠠ | ᠬᠠᠮᠲᠤᠷᠠᠯᠴᠠᠭ᠎ᠠ ᠶᠢᠨ ᠲᠣᠭᠲᠠᠴᠠ ᠶᠢᠨ ᠦᠢᠯᠡᠳᠦᠯ ᠢ | ᠪᠠᠳᠠᠷᠠᠭᠤᠯᠵᠤ᠂ ᠢᠯᠠᠩᠭᠤᠶ᠎ᠠ ᠳᠤᠮᠳᠠᠳᠤ ᠭᠧᠷᠮᠠᠨ ᠤ | ᠵᠠᠰᠠᠭ ᠤᠨ ᠣᠷᠳᠣᠨ ᠤ ᠵᠥᠪᠳᠡᠯᠴᠡᠬᠦ ᠲᠣᠭᠲᠠᠴᠠ ᠶᠢ ᠰᠠᠶᠢᠲᠤᠷ | ᠬᠡᠷᠡᠭᠯᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ | ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ | ᠲᠠᠯ᠎ᠠ ᠪᠠᠷ ᠢᠶᠠᠨ ᠤᠯᠤᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠢᠷᠡᠬᠦ ᠵᠢᠯ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ | ᠠᠵᠢᠯᠯᠠᠭ᠎ᠠ ᠶᠢᠨ ᠲᠥᠯᠥᠪᠵᠢᠭᠦᠯᠭᠡ ᠶᠢ ᠬᠠᠮᠲᠤ ᠪᠠᠷ | ᠰᠠᠶᠢᠲᠤᠷ ᠬᠢᠬᠦ ᠬᠡᠷᠡᠭᠲᠡᠢ᠃ | ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠬᠦ | ᠣᠪᠣᠷ ᠢᠶᠠᠷ ᠬᠤᠶᠠᠷ ᠤᠯᠤᠰ ᠤᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠬᠤ ᠶᠢ | ᠪᠠᠷᠢᠮᠲᠠᠯᠠᠶ᠎ᠠ᠃ ᠳᠤᠮᠳᠠᠳᠤ ᠭᠧᠷᠮᠠᠨ ᠬᠤᠶᠠᠷ ᠤᠯᠤᠰ ᠤᠨ ᠠᠵᠤ | ᠠᠬᠤᠢ ᠴᠥᠮ ᠨᠦᠬᠦᠬᠡ ᠲᠠᠯ᠎ᠠ ᠶᠢᠨ ᠢᠶᠠᠨ ᠬᠥᠭᠵᠢᠯᠲᠡ ᠠᠴᠠ | ᠮᠠᠰᠢ ᠤᠯᠠᠨ ᠠᠰᠢᠭ ᠬᠦᠷᠳᠡᠪᠡ᠃ ᠳᠤᠮᠳᠠᠳᠤ ᠤᠯᠤᠰ ᠨᠢᠭᠡᠨᠲᠡ 5 | ᠵᠢᠯ ᠳᠠᠷᠠᠭᠠᠯᠠᠨ ᠭᠧᠷᠮᠠᠨ ᠤ ᠬᠠᠮᠤᠭ ᠤᠨ ᠶᠡᠭᠡ | ᠠᠷᠠᠯᠵᠢᠶᠠᠨ ᠤ ᠬᠠᠨᠢᠲᠠᠨ ᠪᠤᠯᠵᠤ᠂ ᠬᠤᠶᠠᠷ ᠲᠠᠯ᠎ᠠ ᠶᠢᠨ ᠠᠵᠤ | ᠠᠬᠤᠢ ᠠᠷᠠᠯᠵᠢᠶᠠᠨ ᠤ ᠬᠠᠮᠲᠤᠷᠠᠯᠴᠠᠭ᠎ᠠ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠳᠠᠷᠤᠯᠲᠠ ᠶᠢ ᠲᠠᠭᠠᠭᠠᠵᠤ ᠦᠭᠰᠦᠬᠦ ᠨᠡᠮᠡᠭᠳᠡᠯ ᠢ | ᠪᠡᠶᠡᠯᠡᠭᠦᠯᠪᠡ᠃ ᠬᠤᠶᠠᠷ ᠲᠠᠯ᠎ᠠ ᠪᠠᠷ ᠢᠶᠠᠨ ᠰᠢᠨ᠎ᠡ | ᠡᠨᠧᠷᠭᠢ᠂ ᠪᠣᠬᠢᠷᠲᠤᠯ ᠥᠬᠡᠶ ᠪᠠ ᠲᠣᠭᠠᠴᠢᠯᠠᠭᠰᠠᠨ ᠠᠵᠤ ᠠᠬᠤᠶ | ᠵᠡᠷᠭᠡ ᠰᠢᠨ᠎ᠡ ᠬᠠᠮᠲᠤᠷᠠᠯᠴᠠᠭᠠᠨ ᠤ ᠬᠦᠷᠢᠶ᠎ᠡ ᠶᠢ | ᠢᠳᠡᠪᠬᠢᠲᠡᠶ ᠨᠡᠭᠡᠭᠡᠵᠦ᠂ ᠦᠶᠯᠡᠴᠢᠯᠡᠭᠡᠨ ᠤ ᠠᠷᠠᠯᠵᠢᠶᠠᠨ ᠤ | ᠨᠡᠮᠡᠭᠳᠡᠯ ᠤᠨ ᠳᠠᠯᠳᠠ ᠬᠦᠴᠦᠨ ᠢ ᠪᠠᠳᠠᠷᠠᠭᠤᠯᠪᠠᠯ | ᠵᠣᠬᠢᠨ᠎ᠠ᠃ ᠭᠧᠷᠮᠠᠨ ᠤ ᠬᠢᠨ ᠠᠵᠤ ᠠᠬᠤᠶᠢᠯᠠᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ | ᠨᠡᠬᠡᠬᠡᠯᠳᠡ ᠶᠢᠨ ᠠᠪᠴᠢᠷᠠᠭᠰᠠᠨ ᠰᠢᠨ᠎ᠡ ᠠᠵᠠ ᠲᠣᠬᠢᠶᠠᠯ ᠢ | ᠠᠮᠵᠢᠬᠤ ᠶᠢ ᠪᠠᠶᠠᠷᠯᠠᠨ ᠤᠭᠲᠤᠵᠤ ᠪᠠᠶᠢᠬᠤ ᠶᠢᠨ ᠬᠠᠮᠲᠤ᠂ | ᠭᠧᠷᠮᠠᠨ ᠤ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠭᠧᠷᠮᠠᠨ ᠳᠤ ᠬᠦᠷᠴᠦ ᠪᠡᠯᠡ ᠣᠷᠣᠭᠤᠯᠤᠨ | ᠦᠢᠯᠡᠰ ᠢᠶᠠᠨ ᠬᠥᠭᠵᠢᠭᠦᠯᠬᠦ ᠳᠤ ᠡᠷᠬᠡ ᠲᠡᠭᠰᠢ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠬᠠᠩᠭᠠᠬᠤ ᠶᠢ ᠬᠦᠰᠡᠵᠦ | ᠪᠠᠶᠢᠨ᠎ᠠ᠃ ᠭᠧᠷᠮᠠᠨ ᠪᠣᠯ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠴᠢᠬᠤᠯᠠ | ᠵᠠᠩᠭᠢᠯᠠᠭ᠎ᠠ ᠶᠢᠨ ᠴᠡᠭ ᠪᠣᠯᠤᠨ᠎ᠠ᠂ ᠳᠤᠮᠳᠠᠳᠤ ᠭᠧᠷᠮᠠᠨ | 《ᠨᠢᠭᠡ ᠪᠦᠰᠡ ᠨᠢᠭᠡ ᠵᠠᠮ》 ᠬᠠᠮᠲᠤ ᠪᠠᠷ ᠪᠦᠳᠦᠭᠡᠨ | ᠪᠠᠶᠢᠭᠤᠯᠬᠤ ᠪᠦᠲᠦᠭᠦᠪᠴᠢ ᠶᠢᠨ ᠳᠣᠲᠣᠷᠠᠬᠢ | ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠵᠠᠮ ᠳᠠᠭᠠᠤ ᠶᠢᠨ | ᠤᠯᠤᠰ ᠤᠳ ᠲᠤ ᠪᠤᠶᠠᠨ ᠦᠢᠯᠡᠳᠴᠦ᠂ ᠠᠽᠢᠶ᠎ᠠ ᠧᠦ᠋ᠷᠣᠫᠠ ᠶᠢᠨ | ᠡᠬᠡ ᠬᠠᠭᠤᠷᠠᠢ ᠶᠢᠨ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠬᠤ ᠶᠢ ᠢᠲᠡᠭᠡᠵᠦ ᠪᠠᠶᠢᠨ᠎ᠠ᠃ | ᠭᠤᠷᠪᠠᠳᠤᠭᠠᠷ ᠲᠤ᠂ ᠭᠠᠷ ᠬᠤᠯᠪᠣᠨ ᠥᠷᠢᠰᠥᠯᠳᠦᠭᠡᠨ ᠢ | ᠠᠷᠭᠠᠴᠠᠭᠠᠬᠤ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ | ᠵᠠᠰᠠᠯᠲᠠ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ᠃ | ᠳᠤᠮᠳᠠᠳᠤ ᠭᠧᠷᠮᠠᠨ ᠪᠣᠯ ᠴᠦᠮ ᠤᠯᠠᠨ ᠲᠠᠯᠠᠲᠤ ᠦᠵᠡᠯ ᠤᠨ | ᠬᠠᠮᠠᠭᠠᠯᠠᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠦᠭᠴᠢ ᠮᠥᠨ᠂ ᠤᠯᠠᠨ ᠤᠯᠤᠰ ᠤᠨ ᠬᠡᠷᠡᠭ | ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠲᠠᠢ ᠲᠡᠮᠡᠴᠡᠬᠦ᠂ ᠸᠠᠺᠼᠢᠨ ᠢ ᠡᠷᠬᠡ ᠲᠡᠭᠰᠢ ᠪᠠᠷ | ᠬᠤᠪᠢᠶᠠᠷᠢᠯᠠᠬᠤ ᠶᠢ ᠠᠬᠢᠭᠤᠯᠬᠤ᠂ ᠪᠦᠬᠦ ᠪᠥᠮᠪᠥᠷᠴᠡᠭ | ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠤᠨ | ᠳᠠᠷᠠᠭᠠᠬᠢ ᠰᠡᠷᠭᠦᠯᠲᠡ ᠶᠢ ᠠᠬᠢᠭᠤᠯᠬᠤ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ᠂ ᠶᠠᠳᠠᠭᠤ ᠬᠦᠴᠢᠷᠳᠡᠯᠲᠡᠢ | ᠬᠥᠮᠦᠨ ᠠᠮᠠ ᠶᠢ ᠴᠥᠭᠡᠳᠭᠡᠬᠦ ᠪᠠ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠵᠡᠷᠭᠡ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠬᠤᠪᠢ ᠵᠠᠶᠠᠭ᠎ᠠ ᠳᠤ | ᠬᠤᠯᠪᠣᠭᠳᠠᠭᠰᠠᠨ ᠠᠰᠠᠭᠤᠳᠠᠯ ᠳᠤ ᠦᠨᠡᠨ ᠬᠦ ᠪᠣᠯᠤᠮᠵᠢᠲᠠᠢ | ᠲᠥᠰᠦᠯ ᠬᠠᠩᠭᠠᠪᠠᠯ ᠵᠣᠬᠢᠨ᠎ᠠ᠃ ᠶᠠᠷᠢᠯᠴᠠᠭ᠎ᠠ ᠪᠠᠷ ᠳᠠᠮᠵᠢᠨ | ᠭᠠᠵᠠᠷ ᠣᠷᠣᠨ ᠤ ᠬᠠᠯᠠᠮᠰᠢᠯ ᠠᠰᠠᠭᠤᠳᠠᠯ ᠢ | ᠰᠢᠢᠳᠪᠦᠷᠢᠯᠡᠬᠦ ᠶᠢ ᠪᠠᠷᠢᠮᠲᠠᠯᠠᠵᠤ᠂ ᠣᠯᠠᠨ ᠤᠯᠤᠰ ᠤᠨ | ᠬᠠᠷᠢᠯᠴᠠᠭᠠᠨ ᠳᠠᠬᠢ ᠠᠷᠠᠳᠴᠢᠯᠠᠯ ᠤᠨ ᠵᠠᠷᠴᠢᠮ ᠢ ᠵᠢᠷᠤᠮᠯᠠᠨ | ᠴᠢᠩᠭᠠᠳᠬᠠᠵᠤ᠂ ᠡᠯ᠎ᠡ ᠵᠦᠢᠯ ᠤᠨ ᠬᠡᠯᠪᠡᠷᠢ ᠶᠢᠨ ᠡᠵᠡᠷᠬᠡᠬᠦ | ᠠᠵᠢᠯᠯᠠᠭ᠎ᠠ ᠪᠠ ᠬᠦᠢᠳᠡᠨ ᠳᠠᠶᠢᠨ ᠤ ᠰᠡᠳᠭᠢᠬᠦᠢ ᠶᠢ ᠡᠷᠡᠰ | ᠡᠰᠡᠷᠭᠦᠴᠡᠬᠦ ᠬᠡᠷᠡᠭᠲᠡᠢ᠃ ᠡᠯ᠎ᠡ ᠤᠯᠤᠰ ᠬᠠᠮᠲᠤ ᠪᠠᠷ | ᠬᠥᠭᠵᠢᠬᠦ ᠪᠣᠯ ᠰᠠᠶ᠋ᠢ ᠦᠨᠡᠨ ᠬᠥᠭᠵᠢᠯᠲᠡ ᠮᠥᠨ᠃ ᠳᠤᠮᠳᠠᠳᠤ ᠶᠢᠨ | ᠲᠠᠯ᠎ᠠ ᠳᠤᠷᠠᠲᠠᠶ᠎ᠠ ᠭᠧᠷᠮᠠᠨ ᠤ ᠲᠠᠯ᠎ᠠ ᠲᠠᠢ ᠭᠠᠷ ᠬᠤᠯᠪᠣᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠰᠢ ᠶᠢᠨ ᠫᠢᠩ᠂ ᠳᠤᠮᠳᠠᠳᠤ ᠧᠦ᠋ᠷᠣᠫᠠ ᠪᠣᠯ ᠪᠦᠬᠦ | ᠪᠥᠮᠪᠥᠷᠴᠡᠭ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ | ᠬᠤᠶᠠᠷ ᠶᠡᠭᠡ ᠬᠦᠴᠦᠨ ᠮᠥᠨ᠂ ᠥᠷᠭᠡᠨ ᠳᠡᠯᠭᠡᠷ ᠪᠠᠶᠢᠯᠳᠤᠬᠤ | ᠪᠤᠳᠤᠯᠭ᠎ᠠ ᠶᠢᠨ ᠬᠠᠮᠲᠤ ᠶᠢᠨ ᠲᠠᠨᠢᠯᠲᠠ ᠪᠠ ᠬᠠᠮᠲᠤ ᠶᠢᠨ | ᠠᠰᠢᠭ ᠲᠤᠰᠠ ᠲᠠᠢ ᠶᠤᠮ᠃ ᠬᠤᠶᠠᠷ ᠲᠠᠯ᠎ᠠ ᠪᠠᠷ ᠢᠶᠠᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ | ᠬᠠᠷᠢᠯᠴᠠᠭ᠎ᠠ ᠭᠡᠬᠦ ᠡᠨᠡ ᠬᠦ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠬᠠᠷᠢᠯᠴᠠᠨ ᠬᠦᠨᠳᠦᠳᠭᠡᠬᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢ | ᠪᠠᠷᠢᠮᠲᠠᠯᠠᠵᠤ᠂ ᠳᠤᠮᠳᠠᠳᠤ ᠧᠦ᠋ᠷᠣᠫᠠ ᠶᠢᠨ | ᠬᠠᠷᠢᠯᠴᠠᠭ᠎ᠠ ᠶᠢᠨ ᠢᠮᠠᠭᠲᠠ ᠡᠷᠡᠭᠦᠯ ᠲᠣᠭᠲᠠᠭᠤᠨ ᠢᠶᠠᠷ | ᠬᠥᠭᠵᠢᠬᠦ ᠶᠢ ᠪᠠᠲᠤᠯᠠᠬᠤ ᠬᠡᠷᠡᠭᠲᠡᠢ᠃ ᠭᠧᠷᠮᠠᠨ ᠤ ᠲᠠᠯ᠎ᠠ | ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢ | ᠲᠣᠭᠲᠠᠪᠤᠷᠢᠵᠢᠭᠤᠯᠬᠤ ᠳᠤ ᠦᠷᠭᠦᠯᠵᠢᠯᠡᠨ ᠢᠳᠡᠪᠬᠢᠲᠡᠢ | ᠨᠥᠯᠥᠭᠡ ᠦᠵᠡᠭᠦᠯᠵᠦ᠂ ᠳᠤᠮᠳᠠᠳᠤ ᠧᠦ᠋ᠷᠣᠫᠠ ᠶᠢᠨ | ᠬᠠᠷᠢᠯᠴᠠᠭ᠎ᠠ ᠳᠤ ᠦᠷᠭᠦᠯᠵᠢᠯᠡᠨ ᠲᠣᠭᠲᠠᠭᠤᠨ ᠴᠢᠨᠠᠷ ᠪᠠ | ᠢᠳᠡᠪᠬᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠱᠦᠸᠧᠷᠽᠢ᠂ ᠲᠡᠷᠢᠭᠦᠯᠡᠭᠴᠢ ᠠᠪᠤᠭᠠᠢ ᠶᠢᠨ ᠪᠢ ᠭᠧᠷᠮᠠᠨ ᠤ | ᠶᠡᠷᠦᠩᠬᠡᠢ ᠰᠠᠶᠢᠳ ᠤᠨ ᠲᠤᠰᠢᠶᠠᠯ ᠢ ᠬᠠᠷᠢᠭᠤᠴᠠᠭᠰᠠᠨ ᠤ | ᠳᠠᠷᠠᠭ᠎ᠠ ᠪᠠᠶᠠᠷ ᠤᠨ ᠵᠠᠬᠢᠳᠠᠯ ᠢᠷᠡᠭᠦᠯᠦᠭᠰᠡᠨ ᠳᠤ | ᠲᠠᠯᠠᠷᠬᠠᠵᠤ ᠪᠠᠶᠢᠨ᠎ᠠ᠃ ᠪᠢ ᠮᠠᠨ ᠤ ᠥᠩᠭᠡᠷᠡᠭᠰᠡᠨ ᠤ | ᠶᠠᠪᠤᠯᠴᠠᠭ᠎ᠠ ᠪᠠᠨ ᠲᠣᠪ ᠲᠣᠳᠣᠷᠬᠠᠢ ᠴᠡᠭᠡᠵᠢᠯᠡᠭᠰᠡᠭᠡᠷ | ᠪᠠᠶᠢᠨ᠎ᠠ᠂ ᠳᠤᠷᠠᠲᠠᠶ᠎ᠠ ᠭᠧᠷᠮᠠᠨ ᠳᠤᠮᠳᠠᠳᠤ ᠶᠢᠨ ᠨᠥᠬᠦᠷᠯᠡᠯ | ᠪᠣᠯᠤᠨ ᠬᠠᠮᠲᠤᠷᠠᠯᠴᠠᠭ᠎ᠠ ᠶᠢ ᠵᠠᠯᠭᠠᠮᠵᠢᠯᠠᠨ ᠠᠬᠢᠭᠤᠯᠤᠨ᠎ᠠ᠃ | ᠣᠳᠣᠬᠠᠨ ᠳᠤ᠂ ᠭᠧᠷᠮᠠᠨ ᠳᠤᠮᠳᠠᠳᠤ ᠶᠢᠨ ᠠᠷᠠᠯᠵᠢᠶ᠎ᠠ ᠪᠡᠯᠡ | ᠣᠷᠣᠭᠤᠯᠤᠯᠲᠠ ᠬᠠᠷᠢᠯᠴᠠᠭ᠎ᠠ ᠶᠢᠨ ᠬᠥᠭᠵᠢᠯᠲᠡ ᠮᠠᠰᠢ ᠰᠠᠶᠢᠨ | ᠪᠠᠶᠢᠵᠤ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠪᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠵᠡᠷᠭᠡ ᠪᠦᠬᠦ ᠪᠥᠮᠪᠥᠷᠴᠡᠭ ᠤᠨ | ᠴᠢᠨᠠᠷᠲᠠᠢ ᠥᠷᠢᠰᠥᠯᠳᠦᠭᠡᠨ ᠤ ᠲᠠᠯ᠎ᠠ ᠶᠢᠨ ᠬᠠᠮᠲᠤᠷᠠᠯᠴᠠᠭ᠎ᠠ | ᠨᠢᠭᠲᠠ ᠪᠠᠶᠢᠵᠤ᠂ ᠠᠹᠭᠠᠨᠢᠰᠲ᠋ᠠᠨ᠂ ᠢᠷᠠᠨ ᠤ ᠴᠥᠮ᠎ᠡ ᠶᠢᠨ | ᠵᠡᠪᠰᠡᠭ ᠤᠨ ᠠᠰᠠᠭᠤᠳᠠᠯ ᠵᠡᠷᠭᠡ ᠭᠠᠵᠠᠷ ᠣᠷᠣᠨ ᠤ | ᠠᠰᠠᠭᠤᠳᠠᠯ ᠤᠨ ᠲᠤᠬᠠᠢ ᠤᠯᠤᠯᠴᠠᠭ᠎ᠠ ᠨᠢᠭᠲᠠ ᠪᠠᠶᠢᠨ᠎ᠠ᠃ | ᠡᠳᠡᠭᠡᠷ ᠨᠢ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ | ᠦᠷᠭᠦᠯᠵᠢᠯᠡᠨ ᠬᠥᠭᠵᠢᠬᠦ ᠭᠤᠷᠪᠠᠨ ᠲᠤᠯᠭᠠᠭᠤᠷᠢ ᠶᠢ | ᠪᠦᠷᠢᠯᠳᠦᠭᠦᠯᠵᠡᠢ᠃ ᠭᠧᠷᠮᠠᠨ ᠤ ᠲᠠᠯ᠎ᠠ ᠳᠤᠷᠠᠲᠠᠶ᠎ᠠ | ᠬᠠᠷᠢᠯᠴᠠᠨ ᠬᠦᠨᠳᠦᠳᠭᠡᠬᠦ᠂ ᠬᠠᠷᠢᠯᠴᠠᠨ ᠢᠲᠡᠭᠡᠯᠴᠡᠬᠦ ᠵᠣᠷᠢᠭ | ᠰᠠᠨᠠᠭ᠎ᠠ ᠶᠢ ᠪᠠᠷᠢᠮᠳᠠᠯᠠᠨ᠂ ᠳᠤᠮᠳᠠᠳᠤ ᠶᠢᠨ ᠲᠠᠯ᠎ᠠ ᠲᠠᠢ | ᠬᠠᠮᠲᠤ ᠪᠠᠷ ᠴᠢᠷᠮᠠᠶᠢᠵᠤ᠂ ᠭᠧᠷᠮᠠᠨ ᠳᠤᠮᠳᠠᠳᠤ ᠶᠢᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠤᠯᠠᠮ ᠴᠢᠨᠠᠭᠰᠢᠳᠠ ᠬᠥᠭᠵᠢᠬᠦ ᠶᠢ | ᠠᠬᠢᠭᠤᠯᠤᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠠᠷᠠᠭ᠎ᠠ | ᠵᠢᠯ ᠤᠨ ᠭᠧᠷᠮᠠᠨ ᠳᠤᠮᠳᠠᠳᠤ ᠶᠢᠨ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠷ ᠠᠵᠠ | ᠲᠣᠬᠢᠶᠠᠯ ᠪᠣᠯᠭᠠᠵᠤ᠂ ᠰᠢᠨ᠎ᠡ ᠨᠢᠭᠡ ᠡᠭᠡᠯᠵᠢ ᠶᠢᠨ ᠭᠧᠷᠮᠠᠨ | ᠳᠤᠮᠳᠠᠳᠤ ᠶᠢᠨ ᠵᠠᠰᠠᠭ ᠤᠨ ᠣᠷᠳᠣᠨ ᠤ ᠵᠥᠪᠳᠡᠯᠴᠡᠭᠡ ᠶᠢ | ᠰᠠᠶᠢᠲᠤᠷ ᠡᠷᠬᠢᠯᠡᠵᠦ᠂ ᠴᠡᠪᠡᠷ ᠡᠨᠧᠷᠭᠢ᠂ ᠲᠣᠭᠠᠴᠢᠯᠠᠭᠰᠠᠨ | ᠠᠵᠤ ᠠᠬᠤᠢ᠂ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠤ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠴᠢᠩᠭᠠᠳᠬᠠᠵᠤ᠂ ᠪᠦᠲᠦᠭᠡᠯᠴᠢ ᠴᠢᠨᠠᠷᠲᠠᠢ ᠣᠪᠣᠷ ᠢᠶᠠᠷ | ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ | ᠠᠬᠢᠭᠤᠯᠤᠨ᠎ᠠ᠃ ᠧᠦ᠋ᠷᠣᠫᠠ ᠳᠤᠮᠳᠠᠳᠤ ᠶᠢᠨ ᠪᠡᠯᠡ | ᠣᠷᠣᠭᠤᠯᠤᠯᠲᠠ ᠶᠢᠨ ᠬᠡᠯᠡᠯᠴᠡᠭᠡᠷ ᠢ ᠡᠷᠲᠡᠬᠡᠨ ᠬᠦᠴᠦᠨ ᠲᠠᠢ | ᠪᠣᠯᠭᠠᠨ ᠬᠡᠷᠡᠭᠵᠢᠭᠦᠯᠬᠦ ᠶᠢ ᠬᠦᠰᠡᠵᠦ ᠪᠠᠶᠢᠨ᠎ᠠ᠃ | ᠭᠧᠷᠮᠠᠨ ᠤ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ | ᠬᠠᠮᠳᠤ ᠪᠠᠷ ᠳᠡᠯᠡᠬᠡᠢ ᠶᠢᠨ ᠬᠡᠷᠡᠭ ᠶᠠᠪᠤᠳᠠᠯ ᠳᠤ ᠤᠯᠠᠨ | ᠲᠠᠯᠠᠲᠤ ᠦᠵᠡᠯ ᠢ ᠬᠠᠮᠲᠤ ᠪᠠᠷ ᠬᠠᠮᠠᠭᠠᠯᠠᠨ᠎ᠠ ᠭᠡᠵᠤ | ᠢᠯᠡᠳᠭᠡᠵᠠᠢ᠃ | ᠬᠤᠶᠠᠷ ᠲᠠᠯ᠎ᠠ ᠶᠢᠨ ᠤᠳᠤᠷᠢᠳᠬᠤ ᠬᠥᠮᠦᠰ ᠬᠠᠷᠢᠯᠴᠠᠨ ᠰᠢᠨ᠎ᠡ | ᠤᠨ ᠤ ᠮᠡᠨᠳᠦᠴᠢᠯᠡᠯ ᠬᠦᠷᠭᠡᠵᠦ᠂ ᠳᠤᠷᠠᠲᠠᠶ᠎ᠠ ᠪᠠᠶᠢᠩᠭᠤ ᠶᠢᠨ | ᠴᠢᠨᠠᠷᠲᠠᠢ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ | ᠭᠧᠷᠮᠠᠨ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ | ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠴᠢᠷᠮᠠᠶᠢᠨ | ᠠᠬᠢᠭᠤᠯᠤᠨ᠎ᠠ ᠭᠡᠵᠦ ᠢᠯᠡᠳᠭᠡᠪᠡ᠃ | | |