ᠮᠠᠨ ᠤ ᠣᠷᠣᠨ ᠤ 600 ᠴᠠᠭᠳᠠᠭ᠎ᠠ ᠮᠠᠨᠵᠤᠤᠷ ᠢ ᠪᠠᠴᠢᠮ ᠲᠤᠰᠠᠯᠠᠬᠤ ᠪᠠᠷ ᠮᠣᠷᠳᠠᠪᠠ
  
2021/12/3
         12 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠸᠢᠳᠢᠤ᠋ ᠬᠤᠷᠠᠯ ᠬᠤᠷᠠᠯᠳᠤᠭᠤᠯᠵᠤ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠲᠤᠬᠠᠶ ᠲᠦᠪᠯᠡᠷᠡᠭᠦᠯᠦᠨ ᠳᠠᠶᠢᠴᠢᠯᠠᠬᠤ ᠪᠠᠶᠢᠷᠢᠯᠠᠭᠤᠯᠤᠯᠲᠠ ᠬᠢᠵᠦ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠲᠣᠰ ᠲᠣᠰ ᠪᠤᠭᠤᠲᠤ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠦᠬᠠᠶ ᠬᠤᠲᠠ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠲᠢᠩᠬᠢᠮ ᠤᠨ ᠪᠠᠶᠢᠭᠤᠯᠭ᠎ᠠ ᠠᠴᠠ 600 ᠴᠠᠭᠳᠠᠭ᠎ᠠ ᠲᠣᠮᠢᠯᠠᠵᠤ ᠮᠠᠨᠵᠤᠤᠷ ᠢ ᠪᠠᠴᠢᠮ ᠲᠤᠰᠠᠯᠠᠬᠤ ᠪᠠᠷ ᠲᠣᠭᠲᠠᠪᠠ᠃         ᠬᠤᠷᠠᠯ ᠠᠴᠠ ᠴᠢᠬᠤᠯᠠᠴᠢᠯᠠᠬᠤ ᠳᠤ ᠪᠠᠨ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠪᠣᠯᠤᠨ ᠨᠢᠭᠲᠠ ᠠᠴᠠ ᠨᠢᠭᠲᠠ ᠵᠣᠷᠢᠭ ᠰᠠᠨᠠᠭ᠎ᠠ ᠪᠠᠷ ᠴᠠᠭᠳᠠᠭᠠᠨ ᠤ ᠬᠦᠴᠦᠨ ᠢ ᠰᠢᠯᠵᠢᠭᠦᠯᠦᠨ ᠲᠣᠮᠢᠯᠠᠵᠤ ᠳᠡᠮᠵᠢᠨ ᠲᠤᠰᠠᠯᠠᠬᠤ ᠠᠵᠢᠯ ᠢ ᠰᠠᠶᠢᠲᠤᠷ ᠬᠢᠵᠦ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠯᠲᠡ ᠶᠢᠨ ᠳᠠᠶᠢᠯᠠᠯᠳᠤᠭᠠᠨ ᠳᠤ ᠦᠳᠲᠡᠷ ᠲᠦᠷᠭᠡᠨ ᠣᠷᠣᠯᠴᠠᠬᠤ ᠬᠡᠷᠡᠭᠲᠡᠢ᠃ ᠨᠠᠮ ᠤᠨ ᠭᠡᠰᠢᠭᠦᠨ ᠠᠷᠠᠳ ᠤᠨ ᠴᠠᠭᠳᠠᠭ᠎ᠠ᠂ ᠲᠤᠰᠠᠯᠠᠭᠴᠢ ᠴᠠᠭᠳᠠᠭ᠎ᠠ ᠨᠠᠷ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠩᠭ᠎ᠠ ᠬᠦᠴᠦᠲᠡᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠡᠩᠨᠡᠭᠡᠨ ᠤ ᠪᠠᠶᠢᠭᠤᠯᠤᠯᠲᠠ ᠶᠢ ᠲᠠᠶᠢᠴᠢᠯᠠᠵᠤ᠂    ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠲᠤᠭ ᠢᠶᠠᠷ ᠴᠠᠭᠳᠠᠭ᠎ᠠ ᠶᠢᠨ ᠲᠤᠭ ᠢ ᠬᠦᠳᠦᠯᠦᠨ ᠳᠠᠭᠠᠭᠤᠯᠵᠤ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠥᠨᠳᠥᠷ ᠨᠠᠮᠢᠷᠠᠭᠤᠯᠬᠤ ᠬᠡᠷᠡᠭᠲᠡᠢ ᠭᠡᠵᠡᠢ᠃        ᠬᠤᠷᠠᠯ ᠠᠴᠠ ᠱᠠᠭᠠᠷᠳᠠᠬᠤ ᠳᠤ ᠪᠠᠨ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠳᠤ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠲᠤᠰᠠᠯᠠᠮᠵᠢ ᠦᠵᠡᠭᠦᠯᠬᠦ ᠠᠶᠢᠮᠠᠭ ᠬᠤᠲᠠ ᠠᠴᠠ ᠴᠠᠭᠳᠠᠭᠠᠨ ᠤ ᠬᠦᠴᠦᠨ ᠢ ᠰᠣᠩᠭᠤᠨ ᠲᠣᠮᠢᠯᠠᠬᠤ ᠳᠤ   ᠴᠠᠭᠳᠠᠭ᠎ᠠ ᠶᠢ ᠨᠠᠷᠢᠯᠢᠭ ᠣᠨᠣᠴᠠᠲᠠᠶ ᠪᠠᠷ ᠰᠢᠯᠵᠢᠭᠦᠯᠦᠨ ᠲᠣᠬᠢᠷᠠᠭᠤᠯᠬᠤ᠂ ᠬᠡᠷᠡᠭᠴᠡᠭᠡ ᠶᠢ ᠦᠨᠳᠦᠰᠦᠯᠡᠨ ᠴᠠᠭᠳᠠᠭ᠎ᠠ ᠶᠢ ᠰᠢᠯᠵᠢᠭᠦᠯᠦᠨ ᠲᠣᠬᠢᠷᠠᠭᠤᠯᠬᠤ ᠶᠢ ᠳᠣᠪᠤᠶᠢᠯᠭᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠨᠠᠮ ᠳᠤ ᠪᠠᠨ ᠦᠨᠡᠨᠴᠢ ᠰᠢᠳᠤᠷᠭᠤ᠂ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠠᠵᠢᠯ ᠪᠠ ᠬᠤᠷᠢᠶᠠᠯᠠᠯ ᠲᠣᠭᠤᠷᠢᠭ ᠤᠨ ᠬᠠᠮᠢᠶᠠᠷᠤᠯᠲᠠ ᠵᠡᠷᠭᠡ ᠲᠤᠬᠠᠶᠢᠯᠠᠭᠰᠠᠨ ᠠᠵᠢᠯ ᠢ ᠰᠠᠶᠢᠨ ᠮᠡᠳᠡᠳᠡᠭ᠂ ᠵᠣᠬᠢᠬᠤ ᠲᠤᠷᠰᠢᠯᠭ᠎ᠠ ᠲᠠᠢ᠂ ᠢᠳᠡᠷ ᠳᠣᠷᠪᠢᠲᠠᠶ ᠠᠷᠠᠳ ᠤᠨ ᠴᠠᠭᠳᠠᠭ᠎ᠠ ᠶᠢ ᠳᠡᠮᠵᠢᠨ ᠲᠤᠰᠠᠯᠠᠬᠤ ᠡᠩᠨᠡᠭᠡ ᠳᠤ ᠰᠣᠩᠭᠤᠨ ᠣᠷᠣᠭᠤᠯᠵᠤ᠂ ᠬᠢᠵᠢᠭ ᠤᠨ ᠰᠡᠷᠭᠡᠶᠢᠯᠡᠬᠦ ᠳᠠᠶᠢᠯᠠᠯᠳᠤᠭᠠᠨ ᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ᠂ ᠡᠭᠦᠷᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠤᠯᠤᠨ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ ᠭᠡᠵᠡᠢ᠃      
          