ᠤᠷᠠᠳ ᠤᠨ ᠬᠤᠶᠢᠲᠤ ᠬᠤᠰᠢᠭᠤᠨ ᠤ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠪᠠᠴᠢᠮ ᠡᠷᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/12/8
                     12 ᠳ᠋ᠤᠭᠠᠷ ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ  ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠲᠡᠯᠡᠭᠰᠡᠨ ︵77 ᠳ᠋ᠤᠭᠠᠷ ᠲᠣᠭᠠᠲᠤ︶ ᠠᠯᠪᠠᠨ ᠵᠠᠷ ᠲᠤ᠂ ᠲᠦᠴᠢᠦᠸᠠᠨ ᠰᠢᠶᠠᠨ ᠤ ᠬᠢᠯᠢ ᠶᠢᠨ ᠭᠠᠳᠠᠨ᠎ᠠ ᠠᠴᠠ ᠰᠢᠶᠠᠨ ᠳᠠᠭᠠᠨ ᠪᠤᠴᠠᠵᠤ ᠢᠷᠡᠭᠰᠡᠨ ᠴᠢᠶᠣᠤ ᠣᠪᠣᠭᠲᠤ ᠶᠢ 12 ᠳ᠋ᠤᠭᠠᠷ ᠰᠠᠷ᠎ᠠ ᠶᠢᠨ 5 ᠤ ᠡᠳᠦᠷ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠠᠴᠠ ᠰᠢᠶᠠᠨ ᠤ ᠬᠠᠪᠤᠷ ᠵᠣᠴᠢᠳ ᠤᠨ ᠪᠠᠭᠤᠳᠠᠯ ᠳᠤ ᠰᠢᠯᠵᠢᠭᠦᠯᠦᠨ ᠲᠡᠭᠡᠭᠡᠪᠦᠷᠢᠯᠡᠵᠦ ᠲᠥᠪᠯᠡᠷᠡᠭᠦᠯᠦᠨ ᠲᠤᠰᠠᠭᠠᠷᠯᠠᠭᠤᠯᠪᠠ᠃ 12 ᠰᠠᠷ᠎ᠠ ᠶᠢᠨ 6 ᠤ ᠡᠳᠦᠷ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠠᠩᠬ᠎ᠠ ᠠᠯᠬᠤᠮ ᠠᠷᠭ᠎ᠠ ᠴᠢᠨᠠᠷᠲᠠᠶ ᠪᠠᠶᠢᠵᠤ᠂ ᠬᠢᠩᠭᠠᠨ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠠᠬᠢᠨ ᠬᠢᠨᠠᠯᠲᠠ ᠪᠠᠷ ᠠᠷᠭ᠎ᠠ ᠴᠢᠨᠠᠷᠲᠠᠶ ᠪᠣᠯᠵᠠᠶ᠃ ᠨᠡᠶᠢᠲᠡᠯᠡᠭᠰᠡᠨ ᠴᠢᠶᠣᠤ ᠣᠪᠣᠭᠲᠤ ᠸᠧᠶ ᠶᠢᠨ ᠠᠵᠢᠯᠯᠠᠭ᠎ᠠ ᠶᠢᠨ ᠶᠠᠪᠤᠴᠠ ᠶᠢ ᠦᠨᠳᠦᠰᠦᠯᠡᠪᠡᠯ᠂ ᠮᠠᠨ ᠤ ᠬᠤᠰᠢᠭᠤᠨ ᠤ ᠰᠠᠭᠤᠭᠠᠯᠢ ᠠᠷᠠᠳ ᠴᠧᠨ ᠣᠪᠣᠭᠲᠤ᠂ ᠸᠠᠩ ᠣᠪᠣᠭᠲᠤ ᠪᠣᠯ ᠴᠢᠶᠣᠤ ᠣᠪᠣᠭᠲᠤ ᠲᠠᠢ ᠨᠢᠭᠲᠠ ᠠᠭᠤᠯᠵᠠᠭᠰᠠᠳ ᠪᠣᠯᠤᠨ᠎ᠠ᠃ ᠡᠳᠦᠭᠡ ᠬᠤᠶᠠᠭᠤᠯᠠ ᠶᠢᠨ  ᠠᠶᠠᠯᠠᠯ ᠢ ᠨᠡᠶᠢᠲᠡᠯᠡᠶ᠎ᠡ᠃             ᠴᠧᠨ ᠣᠪᠣᠭᠲᠤ  ᠶᠢᠨ ᠠᠶᠠᠯᠠᠯ ᠤᠨ ᠵᠠᠮ᠄             12 ᠰᠠᠷ᠎ᠠ ᠶᠢᠨ 4 ᠤ ᠡᠳᠦᠷ SC4843 ᠡᠭᠡᠯᠵᠢ ᠶᠢᠨ ᠨᠢᠰᠬᠡᠯ ᠳᠤ ᠰᠠᠭᠤᠵᠤ 14᠄ 28 ᠳᠤ ᠬᠥᠬᠡᠬᠤᠲᠠ ᠶᠢᠨ ᠴᠠᠭᠠᠨ ᠰᠤᠪᠤᠷᠭᠠᠲᠤ ᠨᠢᠰᠬᠡᠯ ᠤᠨ ᠪᠠᠭᠤᠳᠠᠯ ᠳᠤ ᠬᠦᠷᠴᠦ᠂ 15᠄ 00 ᠳᠤ ᠨᠢᠰᠬᠡᠯ ᠤᠨ ᠪᠠᠭᠤᠳᠠᠯ ᠤᠨ ᠲᠣᠮᠣ ᠰᠠᠭᠤᠳᠠᠯ ᠤᠨ ᠮᠠᠰᠢᠨ ᠳᠤ ᠰᠠᠭᠤᠵᠤ ᠬᠥᠬᠡᠬᠤᠲᠠ ᠶᠢᠨ ᠭᠠᠯᠲᠤ ᠲᠡᠷᠭᠡᠨ ᠥᠷᠲᠡᠭᠡᠨ ᠳᠤ ᠬᠦᠷᠴᠦ᠂ ᠳᠠᠷᠠᠭ᠎ᠠ ᠨᠢ ᠸᠠᠩ ᠣᠪᠣᠭᠲᠤ ᠶᠢᠨ ᠭᠤᠯᠢᠷ ᠤᠨ ᠭᠤᠸᠠᠨᠰᠠᠨ ᠳᠤ ᠬᠦᠷᠴᠦ ᠬᠤᠭᠤᠯᠠ ᠢᠳᠠᠪᠠ ︵16᠄ 10 ᠳᠤ ᠲᠠᠩᠰᠠ  ᠪᠤᠳᠤᠪᠠ︶᠂ 19᠄ 20 ᠳᠤ K7911 ︵7 ᠳ᠋ᠤᠭᠠᠷ ᠲᠡᠷᠭᠡᠨ ᠤ 7 ᠳ᠋ᠤᠭᠠᠷ ᠳᠤᠮᠳᠠ ᠣᠷᠣ︶᠂ 23᠄ 50 ᠳᠤ ᠰᠠᠭᠤᠵᠤ ᠯᠢᠨ ᠾᠧ ᠥᠷᠲᠡᠭᠡᠨ ᠳᠤ ᠬᠦᠷᠴᠦ᠂ ᠥᠷᠲᠡᠭᠡᠨ ᠠᠴᠠ ᠭᠠᠷᠤᠭᠰᠠᠨ ᠤ ᠳᠠᠷᠠᠭ᠎ᠠ ᠲᠦᠷᠢᠶᠡᠰᠦᠨ ᠮᠠᠰᠢᠨ ᠳᠤ ᠰᠠᠭᠤᠵᠤ ︵ᠮᠣᠩᠭᠤᠯ LY5554︶ ᠤᠷᠠᠳ ᠤᠨ ᠬᠤᠶᠢᠲᠤ ᠬᠤᠰᠢᠭᠤᠨ ᠤ  ᠬᠦᠬᠡᠨ᠋ᠦ᠋ᠠᠳᠤᠷ ᠪᠠᠯᠭᠠᠰᠤᠨ ᠤ ᠴᠢ ᠬᠤᠸᠠ ᠰᠠᠭᠤᠭᠠᠯᠢ ᠲᠤᠭᠤᠷᠢᠭ ᠲᠤ ᠬᠦᠷᠴᠡᠢ᠃            12 ᠰᠠᠷ᠎ᠠ ᠶᠢᠨ 5 ᠤ ᠡᠳᠦᠷ ᠤᠨ 13᠄ 00 ᠴᠠᠭ ᠲᠤ ᠮᠠᠰᠢᠨ ᠲᠡᠷᠭᠡ ᠪᠠᠷ ᠵᠢᠤᠢ ᠭᠤᠸᠠᠩ ᠴᠠᠬᠢᠭᠤᠷ ᠤᠨ ᠦᠢᠯᠡᠰ ᠲᠤ ᠬᠦᠷᠴᠦ᠂ ᠡᠨᠡ ᠬᠤᠭᠤᠴᠠᠭᠠᠨ ᠳᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠪᠠᠶᠢᠷᠢ ᠳᠤ ᠬᠦᠷᠴᠦ᠂ 17᠄ 00 ᠴᠠᠭ ᠲᠤ ᠮᠠᠰᠢᠨ ᠲᠡᠷᠭᠡ ᠪᠠᠷ ᠴᠢ ᠬᠤᠸᠠ  ᠰᠠᠭᠤᠭᠠᠯᠢ ᠲᠤᠭᠤᠷᠢᠭ ᠲᠠᠭᠠᠨ ᠪᠤᠴᠠᠵᠠᠢ᠃             12 ᠰᠠᠷ᠎ᠠ ᠶᠢᠨ 6 ᠤ ᠡᠳᠦᠷ ᠤᠨ 8᠄ 00 ᠴᠠᠭ ᠲᠤ ᠮᠠᠰᠢᠨ ᠲᠡᠷᠭᠡ ᠪᠠᠷ ᠵᠢᠤᠢ ᠭᠤᠸᠠᠩ ᠴᠠᠬᠢᠭᠤᠷ ᠤᠨ  ᠦᠢᠯᠡᠰ ᠲᠤ ᠬᠦᠷᠴᠦ᠂ 9᠄ 00 ᠶᠢᠨ ᠦᠶ᠎ᠡ ᠪᠠᠷ 809C  ᠦᠢᠯᠡᠳᠪᠤᠷᠢ ᠶᠢᠨ ᠲᠠᠰᠤᠭ ᠲᠤ ᠬᠦᠷᠴᠦ ᠨᠡᠭᠡᠯᠡᠬᠡᠶ ᠪᠠᠨ ᠰᠣᠯᠢᠵᠤ᠂ 10᠄ 40 ᠴᠠᠭ ᠲᠤ ᠱᠢ ᠪᠦᠦ ᠵᠢᠶᠦ᠋ᠨ ᠤ ᠮᠢᠬᠠᠨ ᠤ ᠫᠦᠰᠡᠨ ᠳᠤ ᠬᠦᠷᠴᠦ ᠶᠠᠭᠤᠮ᠎ᠠ ᠬᠤᠳᠠᠯᠳᠤᠨ ᠠᠪᠤᠭᠠᠳ᠂ ᠴᠢ ᠬᠤᠸᠠ  ᠰᠠᠭᠤᠭᠠᠯᠢ ᠲᠤᠭᠤᠷᠢᠭ ᠲᠠᠭᠠᠨ ᠪᠤᠴᠠᠪᠠ᠃ 13᠄ 30 ᠳᠤ ᠬᠤᠪᠢ ᠶᠢᠨ ᠮᠠᠰᠢᠨ ᠲᠡᠷᠭᠡ ᠪᠠᠷ ᠵᠢᠤᠢ ᠭᠤᠸᠠᠩ ᠴᠠᠬᠢᠭᠤᠷ ᠤᠨ ᠦᠢᠯᠡᠰ ᠲᠤ ᠬᠦᠷᠴᠦ᠂ ᠡᠨᠡ ᠬᠤᠭᠤᠴᠠᠭᠠᠨ ᠳᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠪᠠᠶᠢᠷᠢ ᠳᠤ ᠬᠦᠷᠴᠦ᠂ 17᠄ 00 ᠴᠠᠭ ᠲᠤ ᠬᠤᠪᠢ ᠶᠢᠨ ᠮᠠᠰᠢᠨ ᠲᠡᠷᠭᠡ ᠪᠠᠷ ᠴᠢ ᠬᠤᠸᠠ  ᠰᠠᠭᠤᠭᠠᠯᠢ ᠲᠤᠭᠤᠷᠢᠭ ᠲᠠᠭᠠᠨ ᠪᠤᠴᠠᠵᠠᠢ᠃               12 ᠰᠠᠷ᠎ᠠ ᠶᠢᠨ 7 ᠤ ᠡᠳᠦᠷ ᠤᠨ 8᠄ 10 ᠳᠤ ᠮᠠᠰᠢᠨ ᠲᠡᠷᠭᠡ ᠪᠠᠷ ᠵᠢᠤᠢ ᠭᠤᠸᠠᠩ ᠴᠠᠬᠢᠭᠤᠷ ᠤᠨ ᠦᠢᠯᠡᠰ ᠲᠤ ᠬᠦᠷᠴᠦ᠂ 9᠄ 00 ᠤᠨ ᠦᠶ᠎ᠡ ᠪᠠᠷ ᠵᠤᠤᠬᠠᠨ ᠤ ᠭᠡᠷ ᠲᠤ ᠬᠦᠷᠴᠦ ᠨᠡᠭᠡᠯᠡᠬᠡᠢ ᠶᠢ ᠪᠠᠶᠢᠴᠠᠭᠠᠨ ᠦᠵᠡᠵᠦ᠂ 11᠄ 00 ᠤᠨ ᠦᠶ᠎ᠡ ᠪᠠᠷ ᠮᠠᠰᠢᠨ ᠲᠡᠷᠭᠡ ᠪᠠᠷ ᠴᠢ ᠬᠤᠸᠠ ᠰᠠᠭᠤᠭᠠᠯᠢ ᠲᠤᠭᠤᠷᠢᠭ ᠲᠠᠭᠠᠨ ᠪᠤᠴᠠᠪᠠ᠃              ᠸᠠᠩ ᠣᠪᠣᠭᠲᠤ ᠤᠨ ᠠᠶᠠᠯᠠᠯ ᠤᠨ ᠵᠠᠮ ᠮᠥᠷ᠄             12 ᠰᠠᠷ᠎ᠠ ᠶᠢᠨ 4 ᠤ ᠡᠳᠦᠷ SC4843 ᠡᠭᠡᠯᠵᠢ ᠶᠢᠨ ᠨᠢᠰᠬᠡᠯ ᠳᠤ ᠰᠠᠭᠤᠨ 14:28 ᠳᠤ ᠬᠥᠬᠡᠬᠤᠲᠠ ᠶᠢᠨ ᠴᠠᠭᠠᠨ ᠰᠤᠪᠤᠷᠭᠠᠲᠤ ᠨᠢᠰᠬᠡᠯ ᠤᠨ ᠪᠠᠭᠤᠳᠠᠯ ᠳᠤ ᠬᠦᠷᠴᠦ᠂ 15:00 ᠲᠤ ᠨᠢᠰᠬᠡᠯ ᠤᠨ ᠪᠠᠭᠤᠳᠠᠯ ᠤᠨ ᠲᠣᠮᠣ ᠰᠠᠭᠤᠳᠠᠯ ᠤᠨ ᠮᠠᠰᠢᠨ ᠳᠤ ᠰᠠᠭᠤᠨ ᠬᠥᠬᠡᠬᠤᠲᠠ ᠶᠢᠨ ᠭᠠᠯᠲᠤ ᠲᠡᠷᠭᠡᠨ ᠥᠷᠲᠡᠭᠡᠨ ᠳᠤ ᠬᠦᠷᠴᠦ᠂ ᠳᠠᠷᠠᠭ᠎ᠠ ᠨᠢ ᠸᠠᠩ ᠣᠪᠣᠭᠲᠤ ᠶᠢᠨ ᠭᠤᠯᠢᠷ ᠤᠨ ᠭᠤᠸᠠᠨᠰᠠᠨ ᠳᠤ ᠬᠦᠷᠴᠦ ᠬᠤᠭᠤᠯᠠ ᠢᠳᠡᠨ᠎ᠡ ︵16:10 ᠳᠤ ᠲᠠᠩᠰᠠ  ᠪᠤᠳᠤᠪᠠ︶᠂ 19:20 ᠲᠤ K7911 ︵7 ᠲᠡᠷᠭᠡᠨ ᠤ 8 ᠳ᠋ᠤᠭᠠᠷ ᠳᠤᠮᠳᠠ ᠣᠷᠣ︶᠂ 23:50 ᠲᠤ  ᠯᠢᠨ ᠡᠾᠧ ᠥᠷᠲᠡᠭᠡᠨ ᠳᠤ ᠬᠦᠷᠴᠦ᠂ ᠥᠷᠲᠡᠭᠡᠨ ᠠᠴᠠ ᠭᠠᠷᠤᠭᠰᠠᠨ ᠤ ᠳᠠᠷᠠᠭ᠎ᠠ ᠲᠦᠷᠢᠶᠡᠰᠦᠨ ᠮᠠᠰᠢᠨ ᠲᠡᠷᠭᠡᠨ ᠳᠤ ᠰᠠᠭᠤᠨ ︵ᠮᠣᠩᠭᠤᠯ LY5554︶ ᠤᠷᠠᠳ ᠤᠨ ᠬᠤᠶᠢᠲᠤ ᠬᠤᠰᠢᠭᠤᠨ ᠤ ᠬᠦᠬᠡᠨ᠋ᠦ᠋ᠠᠳᠤᠷ ᠪᠠᠯᠭᠠᠰᠤᠨ ᠤ ᠴᠢ ᠬᠤᠸᠠ  ᠰᠠᠭᠤᠭᠠᠯᠢ ᠲᠤᠭᠤᠷᠢᠭ ᠲᠤ ᠭᠦᠷᠦᠭᠡᠳ ᠣᠲᠣ ᠪᠣᠯᠲᠠᠯ᠎ᠠ ᠭᠠᠳᠠᠭᠰᠢ  ᠭᠠᠷᠤᠬᠰᠠᠨ ᠦᠭᠡᠢ᠃            ᠳᠡᠭᠡᠷ᠎ᠡ ᠳᠤᠷᠠᠳᠤᠭᠰᠠᠨ ᠴᠠᠭ ᠲᠤ ᠴᠧᠨ ᠣᠪᠣᠭᠲᠤ ᠂ ᠸᠠᠩ ᠣᠪᠣᠭᠲᠤ ᠲᠠᠢ ᠠᠶᠠᠯᠠᠯ ᠤᠨ ᠵᠠᠮ ᠢᠶᠠᠷ ᠳᠠᠪᠬᠤᠴᠠᠭᠰᠠᠨ ᠬᠥᠮᠦᠰ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠳᠠᠷᠦ᠋ᠢᠬᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ︵12 ᠴᠠᠭ ᠠᠴᠠ ᠬᠡᠲᠦᠷᠡᠭᠦᠯᠵᠦ ᠪᠣᠯᠬᠤ ᠥᠬᠡᠶ︶ ᠪᠥᠭᠡᠳ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠡᠭᠦᠨ ᠤ ᠬᠠᠮᠲᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠨᠢᠭᠲᠠ ᠠᠩᠬᠠᠷᠴᠤ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠵᠠᠯᠭᠢᠭᠤᠷ ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠦ᠋ᠢᠬᠠᠨ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠮᠨᠡᠭᠦᠯᠬᠦ ᠶᠠᠪᠤᠴᠠ ᠳᠤ ᠠᠮᠠᠪᠴᠢ ᠵᠡᠭᠦᠵᠦ᠂ ᠨᠡᠶᠢᠲᠡ ᠶᠢᠨ ᠵᠠᠮ ᠬᠠᠷᠢᠯᠴᠠᠭᠠᠨ ᠤ  ᠲᠡᠷᠬᠡᠨ ᠳᠤ ᠰᠠᠭᠤᠵᠤ ᠪᠣᠯᠬᠤ ᠦᠭᠡᠢ᠃          ᠤᠷᠠᠳ ᠤᠨ ᠬᠤᠶᠢᠲᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠵᠢᠭᠦᠷᠯᠡᠬᠦ ᠤᠲᠠᠰᠤ᠄ 0478-466612          ᠤᠷᠠᠳ ᠤᠨ ᠬᠤᠶᠢᠲᠤ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠵᠢᠵᠢᠭᠦᠷᠯᠡᠬᠦ ᠤᠲᠠᠰᠤ᠄ 0478-4665150            ᠤᠷᠠᠳ ᠤᠨ ᠬᠤᠶᠢᠳᠤ ᠬᠤᠰᠢᠭᠤᠨ ᠤ ᠰᠢᠨ᠎ᠠ ᠲᠢᠳᠡᠮᠯᠢᠭ ᠠᠭᠤᠰᠬᠢᠨ ᠦᠷᠪᠢᠰᠤᠯ ᠢ ᠰᠡᠷᠬᠡᠶᠢᠯᠠᠨ ᠡᠵᠡᠮᠳᠠᠬᠦ ᠠᠵᠢᠯ ᠤᠨ ᠵᠢᠯᠤᠭᠤᠳᠬᠤ ᠭᠠᠵᠠᠷ                              2021 ᠤᠨ ᠤ12 ᠰᠠᠷ᠎ᠠ ᠶᠢᠨ7 ᠤ ᠡᠳᠤᠷ
ᠢᠷᠡᠯᠲᠡ᠄ ᠲᠤᠰ ᠰᠦᠯᠵᠢᠶ᠎ᠠ