| ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 13 ᠤ ᠴᠠᠬᠢᠯᠭᠠᠠ ᠮᠡᠳᠡᠭᠡ ᠠᠴᠠ | ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ | ᠪᠠᠭ᠎ᠠ ᠰᠤᠷᠭᠠᠭᠤᠯᠢ ᠳᠤ ︿ᠬᠠᠷᠠᠬᠠᠨ ᠪᠠᠭ᠎ᠠ ᠠᠴᠠ ᠪᠠᠨ ᠨᠠᠮ ᠤᠨ ᠲᠡᠦᠬᠡ ᠶᠢ ᠰᠤᠷᠤᠯᠴᠠᠵᠤ᠂ ᠡᠭᠦᠷᠢᠳᠡ ᠨᠠᠮ ᠢᠶᠠᠨ ᠳᠠᠭᠠᠬᠤ﹀ ᠭᠤᠤᠯ ᠰᠡᠳᠦᠪᠲᠦ ᠬᠥᠮᠦᠵᠢᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢᠷᠢᠰ ᠬᠥᠮᠦᠵᠢᠯ ᠤᠨ ᠠᠵᠢᠯᠯᠠᠭ᠎ᠠ ᠦᠷᠨᠢᠬᠦᠯᠬᠦ ᠶᠢ | ᠪᠠᠶᠢᠷᠢᠯᠠᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠦᠲᠦᠯᠦᠨ ᠵᠢᠯᠤᠭᠤᠳᠴᠤ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ᠂ ᠬᠤᠪᠢᠰᠬᠠᠯᠲᠤ ᠤᠳᠤᠮᠰᠢᠯ᠂ ᠬᠤᠪᠢᠰᠬᠠᠯ ᠤᠨ ᠭᠠᠯ ᠪᠠᠮᠪᠠᠷ ᠢ ᠦᠶ᠎ᠡ ᠶᠢᠨ ᠦᠶ᠎ᠡ ᠳᠤ ᠤᠯᠠᠮᠵᠢᠯᠠᠭᠤᠯᠬᠤ ᠶᠢ ᠵᠤᠷᠢᠪᠠ᠃ | ᠣᠶᠢᠯᠠᠭᠠᠭᠰᠠᠨ ᠢᠶᠠᠷ᠂ ᠰᠢᠷᠢᠰ ᠬᠥᠮᠦᠵᠢᠯ ᠤᠨ ᠠᠵᠢᠯᠯᠠᠭ᠎ᠠ ᠳᠤ ︽ᠵᠢᠷᠤᠭ ᠢᠶᠠᠷ ᠦᠬᠦᠯᠡᠬᠦᠢ ᠵᠠᠭᠤᠨ ᠵᠢᠯ︾ ᠤᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ᠂ ︽ᠰᠢᠨ᠎ᠡ ᠦᠵᠡᠯ ᠰᠠᠨᠠᠭ᠎ᠠ ᠶᠢ ᠰᠤᠷᠤᠯᠴᠠᠵᠤ᠂ ᠰᠠᠶᠢᠨ ᠵᠠᠯᠭᠠᠮᠵᠢᠯᠠᠭᠴᠢ ᠪᠤᠯᠬᠤ︾ ᠤᠩᠰᠢᠯᠭ᠎ᠠ ᠶᠢᠨ ᠠᠵᠢᠯᠯᠠᠭ᠎ᠠ᠂ ︽ᠬᠡᠦᠬᠡᠳ ᠤᠨ ᠰᠡᠳᠬᠢᠯ | ᠨᠠᠮ ᠳᠠᠭᠠᠨ︾ ᠬᠡᠮᠡᠬᠦ ᠠᠩᠭᠢ ᠶᠢᠨ ᠬᠤᠷᠠᠯ ᠤᠨ ᠠᠵᠢᠯᠯᠠᠭ᠎ᠠ᠂ ︽ᠬᠤᠪᠢᠰᠬᠠᠯ ᠤᠨ ᠤᠯᠠ ᠮᠥᠷ ᠢ ᠡᠷᠢᠬᠦᠢ︾ ᠬᠤᠪᠢᠰᠬᠠᠯ ᠤᠨ ᠬᠥᠮᠦᠵᠢᠯ ᠤᠨ ᠦᠢᠯᠡᠲᠦᠯᠭᠡ ᠶᠢᠨ | ᠠᠵᠢᠯᠯᠠᠭ᠎ᠠ᠂ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠺᠢᠨᠣ᠋ ᠶᠢᠨ ᠭᠠᠷᠠᠭ︾ ᠤᠨ ᠠᠵᠢᠯᠯᠠᠭ᠎ᠠ᠂ ︽ᠰᠤᠷᠭᠠᠭᠤᠯᠢ ᠡᠬᠢᠯᠡᠭᠰᠡᠨ | ᠠᠩᠬᠠᠨ ᠤ ᠬᠢᠴᠢᠶᠡᠯ︾ ᠵᠡᠷᠭᠡ ᠪᠠᠭᠲᠠᠨ᠎ᠠ᠃ | |