| | | | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠡᠭᠦᠷᠡᠰᠦᠨ ᠤ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠬᠠᠮᠠᠭᠠᠯᠠᠪᠠ | 4 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ | ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠵᠦ ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠨᠡᠭᠦᠷᠡᠰᠦ ᠶᠢ ᠴᠡᠭᠴᠡᠯᠡᠨ ᠵᠠᠰᠠᠬᠤ ᠠᠯᠪᠠᠨ | ᠬᠡᠷ ᠤᠨ ᠳᠡᠳ᠋ ᠡᠷᠬᠢᠯᠡᠭᠴᠢ᠂ ᠠᠮᠢ ᠠᠬᠤᠶ ᠣᠷᠴᠢᠨ ᠲᠣᠭᠤᠷᠢᠨ ᠤ | ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ | ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠬᠤᠶᠠᠳᠤᠭᠠᠷ | ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠮᠥᠷᠡᠨ᠂ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠷᠡᠰᠦ ᠶᠢ | ᠴᠡᠭᠴᠡᠯᠡᠨ ᠵᠠᠰᠠᠬᠤ ᠠᠯᠪᠠᠨ ᠬᠡᠷ ᠤᠨ ᠰᠦᠪᠡᠭᠴᠢ ᠶᠢ | ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ | ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ | ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ | ᠠᠩᠭᠢ ᠶᠢᠨ ᠳᠡᠳ᠋ ᠶᠡᠷᠦᠩᠬᠡᠶ ᠳᠠᠷᠤᠭ᠎ᠠ ᠮᠢᠶᠣᠣ ᠬᠠᠶ ᠲᠢᠩ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠤ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ | ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ 2020 ᠣᠨ ᠤ 2 ᠳ᠋ᠤᠭᠠᠷ ᠰᠠᠷ᠎ᠠ ᠶᠢᠨ | 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠨᠢ ᠪᠦᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ | ᠡᠭᠦᠷᠭᠡ ᠴᠢᠳᠠᠪᠤᠷᠢ ᠶᠢᠨ ᠦᠢᠯᠡᠳᠦᠯ ᠢ ᠨᠢ ᠪᠠᠳᠠᠷᠠᠭᠤᠯᠵᠤ᠂ | ᠨᠡᠭᠦᠷᠡᠰᠦᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠦᠴᠦᠲᠡᠶ ᠳᠠᠭᠠᠷᠢᠯᠲᠠ | ᠶᠠᠪᠤᠭᠤᠯᠪᠠ᠃ ᠨᠡᠭᠦᠷᠡᠰᠦᠨ ᠤ ᠡᠬᠢ ᠪᠠᠶᠠᠯᠢᠭ ᠢ ᠶᠡᠭᠡ | ᠬᠡᠮᠵᠢᠶ᠎ᠡ ᠪᠠᠷ ᠬᠤᠯᠠᠭᠠᠶᠢᠯᠠᠨ ᠮᠠᠯᠲᠠᠬᠤ ᠶᠠᠪᠤᠳᠠᠯ ᠢ | ᠦᠭᠡᠶᠢᠰᠭᠡᠵᠦ᠂ ᠤᠯᠤᠰ ᠲᠥᠷᠥ ᠶᠢᠨ ᠠᠮᠢ ᠠᠬᠤᠶ ᠶᠢ | ᠪᠣᠬᠢᠷᠲᠤᠭᠤᠯᠤᠭᠰᠠᠨ ᠶᠠᠯᠠᠲᠤ ᠪᠦᠯᠬᠦᠮ᠂ ᠨᠡᠭᠦᠷᠡᠰᠦ ᠳᠤ | ᠬᠤᠯᠪᠣᠭᠳᠠᠭᠰᠠᠨ ᠬᠡᠷᠡᠭ ᠢ ᠪᠦᠬᠦᠨ ᠢ ᠰᠢᠢᠳᠪᠦᠷᠢᠯᠡᠬᠦ ᠶᠢ | ᠦᠷᠭᠦᠯᠵᠢᠯᠡᠨ ᠠᠬᠢᠭᠤᠯᠤᠨ᠂ ᠨᠡᠭᠦᠷᠡᠰᠦᠨ ᠤ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠲᠤᠶᠢᠯ ᠤᠨ ᠶᠡᠭᠡ ᠪᠠᠷ ᠰᠦᠷᠳᠡᠭᠦᠯᠪᠡ᠃ ᠣᠳᠣᠬᠠᠨ ᠪᠣᠯᠲᠠᠯ᠎ᠠ᠂ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠨᠡᠶᠢᠲᠡ 484 ᠬᠡᠷᠡᠭ ᠢ ᠬᠡᠷᠡᠭ ᠪᠣᠯᠭᠠᠨ ᠳᠡᠩᠰᠡᠯᠡᠵᠦ᠂ 724 | ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ ᠨᠢ 272 ᠳ᠋ᠦᠩᠰᠢᠭᠤᠷ | ᠭᠠᠷᠤᠶ ᠲᠥᠭᠦᠷᠢᠭ ᠲᠤ ᠬᠦᠷᠴᠦ᠂ 124 ᠳ᠋ᠦᠩᠰᠢᠭᠤᠷ ᠲᠥᠭᠦᠷᠢᠭ ᠤᠨ | ᠬᠤᠬᠢᠷᠠᠯ ᠢ ᠨᠡᠬᠡᠮᠵᠢᠯᠡᠨ ᠠᠪᠴᠢᠷᠠᠵᠤ ᠨᠥᠬᠦᠪᠥᠷᠢᠯᠡᠪᠡ᠃ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠭᠤᠤᠯ | ᠬᠦᠴᠦᠨ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠤᠤᠷ᠎ᠠ᠂ ᠨᠡᠭᠦᠷᠡᠰᠦ ᠶᠢ ᠴᠡᠭᠴᠡᠯᠡᠨ ᠵᠠᠰᠠᠬᠤ ᠭᠤᠤᠯ | ᠴᠣᠭᠴᠠ ᠶᠢᠨ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠭᠡ | ᠳᠤᠤᠷ᠎ᠠ᠂ ᠬᠢᠨᠠᠯᠲᠠ ᠲᠠᠯᠪᠢᠬᠤ ᠠᠯᠪᠠᠨ ᠬᠡᠷ ᠤᠨ ᠬᠦᠴᠦᠲᠡᠶ | ᠬᠢᠨᠠᠨ ᠵᠢᠯᠣᠭᠤᠳᠣᠯᠭ᠎ᠠ ᠳᠤᠤᠷ᠎ᠠ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠰᠬᠠᠶ | ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠪᠣᠯ ᠮᠠᠨ ᠤ ᠣᠷᠣᠨ ᠤ ᠤᠯᠤᠰ | ᠲᠥᠷᠥ ᠶᠢᠨ ᠠᠮᠢ ᠠᠬᠤᠶ ᠶᠢᠨ ︽ᠬᠤᠤᠷᠳᠦ ᠬᠠᠪᠤᠳᠠᠷ︾ ᠢ | ᠠᠷᠢᠯᠭᠠᠵᠤ᠂ ᠤᠯᠤᠰ ᠲᠥᠷᠥ ᠶᠢᠨ ᠠᠮᠢ ᠠᠬᠤᠶ ᠶᠢ ᠡᠬᠢ | ᠡᠭᠦᠰᠦᠯ ᠠᠴᠠ ᠨᠢ ᠴᠡᠪᠡᠷᠰᠢᠭᠦᠯᠦᠨ ᠰᠡᠷᠭᠦᠭᠡᠬᠦ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠬᠤ ᠶᠢ ᠭᠦᠨᠵᠡᠭᠡᠶ ᠲᠠᠨᠢᠵᠤ᠂ | ᠲᠤᠰᠬᠠᠶ ᠴᠡᠭᠴᠡᠯᠡᠨ ᠵᠠᠰᠠᠬᠤ ᠠᠵᠢᠯ ᠢ ᠬᠦᠴᠦᠲᠡᠶ | ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ | ᠪᠠᠲᠤᠯᠠᠭ᠎ᠠ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠲᠤᠰᠬᠠᠶ ᠴᠡᠭᠴᠡᠯᠡᠨ ᠵᠠᠰᠠᠬᠤ | ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ | ᠭᠤᠤᠯ ᠬᠠᠷᠢᠭᠤᠴᠠᠯᠭᠠᠲᠠᠨ ᠨᠥᠬᠦᠳ ᠲᠤᠰᠬᠠᠶ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠶᠢᠨ ᠬᠠᠮᠲᠤ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ | ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ | ᠦᠷᠭᠦᠯᠵᠢᠯᠡᠨ ᠪᠣᠭᠤᠮᠲᠠ ᠰᠢᠪᠳᠤᠯᠬᠤ ᠶᠢ ᠠᠬᠢᠭᠤᠯᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠠᠴᠠ 100 | ᠭᠠᠷᠤᠶ ᠭᠤᠤᠯᠯᠠᠭᠴᠢ ᠬᠦᠴᠦᠨ ᠢ ᠰᠢᠯᠵᠢᠭᠦᠯᠦᠨ ᠲᠤᠰᠬᠠᠶ ᠠᠩᠭᠢ | ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ | ᠵᠢᠯᠣᠭᠤᠳᠤᠨ ᠲᠣᠬᠢᠷᠠᠭᠤᠯᠬᠤ ᠪᠠ ᠬᠦᠨᠳᠦ ᠶᠡᠭᠡ ᠬᠡᠷᠡᠭ ᠢ | ᠳᠡᠩᠨᠡᠨ ᠰᠢᠢᠳᠪᠦᠷᠢᠯᠡᠬᠦ ᠠᠵᠢᠯ ᠢ ᠬᠠᠷᠢᠭᠤᠴᠠᠪᠠ︔ ᠪᠥᠬᠦ | ᠣᠷᠣᠨ ᠤ 12 ᠠᠶᠢᠮᠠᠭ ᠬᠤᠲᠠ ᠪᠣᠯᠤᠨ ᠬᠡᠰᠡᠭ ᠭᠤᠤᠯᠳᠠᠯᠭ᠎ᠠ ᠲᠠᠢ | ᠨᠡᠭᠦᠷᠡᠰᠦᠨ ᠳᠤ ᠬᠤᠯᠪᠣᠭᠳᠠᠬᠤ ᠬᠤᠰᠢᠭᠤ ᠰᠢᠶᠠᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠥᠮ | ᠵᠣᠬᠢᠴᠠᠩᠭᠤᠶ ᠠᠵᠢᠯ ᠤᠨ ᠪᠠᠶᠢᠭᠤᠯᠤᠮᠵᠢ ᠪᠠᠶᠢᠭᠤᠯᠵᠤ᠂ | ᠲᠤᠰᠬᠠᠶ ᠴᠡᠭᠴᠡᠯᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠪᠠᠬᠢᠵᠢᠭᠦᠯᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ | ᠭᠤᠤᠯᠳᠠᠯᠭ᠎ᠠ ᠲᠠᠢ ᠬᠡᠷᠡᠭ ᠢ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠪᠣᠭᠤᠮᠲᠠ ᠰᠢᠪᠲᠤᠯᠬᠤ | ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠣᠯᠠᠨ ᠤᠳᠠᠭ᠎ᠠ | ᠲᠤᠬᠠᠶ ᠶᠢᠨ ᠲᠠᠯᠠᠪᠠᠶ ᠳᠤ ᠬᠠᠶᠢᠨ ᠪᠠᠶᠢᠴᠠᠭᠠᠵᠤ᠂ ᠲᠤᠰᠬᠠᠶ | ᠰᠡᠳᠦᠪ ᠢᠶᠠᠷ ᠰᠤᠳᠤᠯᠪᠠ᠃ ᠲᠤᠰᠬᠠᠶ ᠴᠡᠭᠴᠡᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠨᠢ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ᠂ ᠤᠷᠢᠳ ᠬᠤᠵᠢᠳ ᠲᠠᠪᠤ ᠤᠳᠠᠭ᠎ᠠ ᠭᠤᠤᠯᠳᠠᠯᠭ᠎ᠠ ᠲᠠᠢ | ᠨᠡᠭᠦᠷᠡᠰᠦᠨ ᠳᠤ ᠬᠤᠯᠪᠣᠭᠳᠠᠬᠤ ᠠᠶᠢᠮᠠᠭ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠭᠦᠨᠵᠡᠭᠡᠶᠢᠷᠡᠵᠦ᠂ ︽ᠴᠡᠭ ᠲᠤ ᠰᠠᠭᠤᠬᠤ ᠮᠠᠶ᠋ᠢᠭ︾ ᠤᠨ | ᠬᠢᠨᠠᠨ ᠵᠢᠯᠣᠭᠤᠳᠣᠯᠭ᠎ᠠ ᠥᠷᠨᠢᠭᠦᠯᠵᠦ᠂ ᠠᠰᠠᠭᠤᠳᠠᠯ ᠢ | ᠰᠢᠢᠳᠪᠦᠷᠢᠯᠡᠬᠦ ᠬᠦᠴᠢᠷ ᠠᠰᠠᠭᠤᠳᠠᠯ ᠢ ᠲᠤᠬᠠᠶ ᠶᠢᠨ | ᠲᠠᠯᠠᠪᠤᠷ ᠲᠤ ᠵᠢᠯᠣᠭᠤᠳᠤᠨ ᠰᠢᠢᠳᠪᠦᠷᠢᠯᠡᠵᠦ᠂ ᠲᠤᠰᠬᠠᠶ | ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠶᠢ | ᠠᠬᠢᠭᠤᠯᠪᠠ᠃ | ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠣᠯᠠᠨ ᠠᠷᠭ᠎ᠠ | ᠬᠡᠮᠵᠢᠶ᠎ᠡ ᠶᠢ ᠴᠢᠩᠭᠠᠳᠬᠠᠵᠤ ᠴᠣᠬᠢᠯᠲᠠ ᠥᠭᠬᠦ ᠦᠷ᠎ᠡ | ᠪᠦᠲᠦᠮᠵᠢ ᠶᠢ ᠲᠡᠭᠡᠭᠰᠢᠯᠡᠭᠦᠯᠪᠡ ᠠᠵᠢᠯ ᠤᠨ ᠳᠤᠮᠳᠠ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠰᠦᠪᠡᠭᠴᠢ ᠶᠢ ᠭᠥᠯᠢᠶᠡᠨ ᠠᠪᠴᠤ ᠬᠠᠮᠢᠶᠠᠷᠬᠤ ᠠᠵᠢᠯ ᠢ | ᠨᠠᠷᠢᠨ ᠨᠢᠮᠪᠠᠶ ᠰᠠᠶᠢᠲᠤᠷ ᠬᠢᠵᠦ᠂ ᠱᠠᠲᠤ ᠲᠥᠷᠥᠯ ᠬᠤᠪᠢᠶᠠᠨ | ᠲᠤᠰᠢᠶᠠᠨ ᠭᠦᠢᠴᠡᠳᠭᠡᠯᠭᠡᠵᠦ ᠬᠠᠷᠭᠤᠭᠤᠯᠤᠨ ᠪᠠᠶᠢᠴᠠᠭᠠᠵᠤ᠂ | ᠰᠦᠪᠡᠭᠴᠢ ᠶᠢ ᠬᠠᠷᠭᠤᠭᠤᠯᠤᠨ ᠪᠠᠶᠢᠴᠠᠭᠠᠭᠰᠠᠨ ᠦᠷ᠎ᠡ | ᠪᠦᠳᠦᠮᠵᠢ ᠶᠢ ᠤᠯᠠᠷᠢᠭᠤᠯᠬᠤ ᠶᠢ ᠴᠢᠬᠤᠯᠠᠴᠢᠯᠠᠨ᠂ 1300 ᠭᠠᠷᠤᠶ | ᠰᠦᠪᠡᠭᠴᠢ ᠶᠢ ᠪᠦᠬᠦᠨ ᠢ ︽ᠪᠠᠶᠢᠴᠠᠭᠠᠨ ᠳᠣᠲᠣᠯᠠᠭᠠᠳ ᠦᠷ᠎ᠡ | ᠳ᠋ᠦᠩ ᠲᠠᠢ ᠪᠠᠶᠢᠬᠤ᠂ ᠪᠠᠶᠢᠴᠠᠭᠠᠨ ᠳᠣᠲᠣᠯᠠᠭᠠᠳ | ᠦᠨᠳᠦᠰᠦᠯᠡᠯ ᠲᠠᠢ ᠪᠠᠶᠢᠬᠤ ᠡᠰᠡᠬᠦ᠂ ᠨᠢᠭᠡ ᠰᠦᠪᠡᠭᠴᠢ ᠳᠤ | ᠨᠢᠭᠡ ᠲᠠᠩᠰᠠ ᠡᠪᠬᠡᠮᠡᠯ ᠲᠠᠢ ᠪᠠᠶᠢᠬᠤ︾ ᠶᠢ | ᠪᠡᠶᠡᠯᠡᠭᠦᠯᠵᠦ᠂ ᠰᠦᠪᠡᠭᠴᠢ ᠶᠢ ︽ᠦᠭᠡᠶᠢᠰᠬᠡᠬᠦ︾ ᠬᠠᠷᠠᠯᠲᠠ | ᠡᠭᠦᠷᠭᠡ ᠶᠢ ᠪᠡᠶᠡᠯᠡᠭᠦᠯᠪᠡ᠃ 386 ᠭᠤᠤᠯᠳᠠᠯᠭ᠎ᠠ ᠲᠠᠢ ᠲᠥᠷᠥᠯ | ᠵᠦᠢᠯ ᠳᠤ ᠴᠥᠮ ᠬᠢᠨᠠᠨ ᠲᠣᠭᠲᠠᠭᠠᠭᠰᠠᠨ ᠰᠠᠨᠠᠯ ᠭᠠᠷᠭᠠᠵᠤ᠂ | ᠡᠭᠦᠨ ᠳᠤ 119 ᠨᠢ ᠬᠠᠤᠯᠢ ᠪᠤᠰᠤ ᠪᠠᠷ ᠠᠭᠤᠷᠬᠠᠶ ᠮᠠᠯᠲᠠᠭᠰᠠᠨ | ᠶᠠᠯᠠᠲᠤ ᠬᠡᠷᠡᠭ᠂ 153 ᠨᠢ ᠲᠠᠷᠢᠶᠠᠯᠠᠩ ᠳᠤ ᠬᠡᠷᠡᠭᠯᠡᠬᠦ | ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ | ᠶᠠᠯᠠᠲᠤ ᠬᠡᠷᠡᠭ ᠪᠠᠶᠢᠵᠤ᠂ ᠪᠠᠰᠠ 114 ᠨᠢ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠭᠰᠡᠨ | ᠰᠡᠵᠢᠭᠯᠡᠯᠲᠡᠶ ᠪᠠᠶᠢᠵᠤ ᠨᠢᠭᠡᠨᠲᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠭᠦᠯᠪᠡ᠃ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠠᠭᠠᠭᠤᠯᠤᠨ ᠭᠦᠢᠴᠡᠳᠭᠡᠬᠦ᠂ ᠥᠪᠡᠰᠦᠪᠡᠨ | ᠭᠦᠢᠴᠡᠳᠭᠡᠬᠦ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ | ᠵᠡᠷᠭᠡ ᠵᠠᠭᠪᠤᠷ ᠢ ᠠᠮᠢᠳᠤᠯᠢᠭ ᠢᠶᠠᠷ ᠬᠡᠷᠡᠭᠯᠡᠵᠦ᠂ ᠪᠥᠬᠦ | ᠣᠷᠣᠨ ᠤ ᠴᠠᠭᠳᠠᠭᠠᠨ ᠤ ᠬᠦᠴᠦᠨ ᠤ ᠡᠬᠢ ᠪᠠᠶᠠᠯᠢᠭ ᠢ | ᠠᠮᠢᠯᠠᠭᠤᠯᠤᠨ᠂ ᠨᠡᠭᠦᠷᠡᠰᠦᠨ ᠤ ᠬᠦᠷᠢᠶᠡᠨ ᠳᠠᠬᠢ ᠬᠡᠷᠡᠭ ᠢ | ᠲᠤᠷᠰᠢᠨ ᠪᠠᠶᠢᠴᠠᠭᠠᠵᠤ ᠴᠣᠬᠢᠯᠲᠠ ᠥᠭᠬᠦ ᠶᠢ ᠴᠢᠩᠭᠠᠳᠬᠠᠪᠠ᠃ | ᠣᠷᠣᠨ ᠨᠤᠲᠤᠭ ᠤᠨ ᠬᠠᠮᠠᠭᠠᠯᠠᠬᠤ ᠦᠵᠡᠯ ᠢ ᠦᠭᠡᠶᠢᠰᠭᠡᠬᠦ ᠶᠢᠨ | ᠲᠥᠯᠥᠭᠡ᠂ 100 ᠰᠠᠯᠠᠭ᠎ᠠ ᠭᠠᠪᠰᠢᠭᠠᠢ ᠠᠩᠭᠢ ᠶᠢ ᠵᠣᠬᠢᠶᠠᠨ | ᠪᠠᠶᠢᠭᠤᠯᠵᠤ᠂ ᠣᠨᠳᠣᠣ ᠭᠠᠵᠠᠷ ᠲᠤ ᠬᠡᠷᠡᠭ ᠰᠢᠢᠳᠪᠦᠷᠢᠯᠡᠬᠦ᠂ | ᠣᠨᠳᠣᠣ ᠭᠠᠵᠠᠷ ᠲᠤ ᠴᠠᠭᠳᠠᠭ᠎ᠠ ᠬᠡᠷᠡᠭᠯᠡᠬᠦ᠂ ᠣᠨᠳᠣᠣ | ᠭᠠᠵᠠᠷ ᠲᠤ ᠬᠤᠷᠢᠬᠤ᠂ ᠱᠠᠳᠤ ᠳᠡᠪᠰᠢᠭᠦᠯᠦᠨ ᠬᠠᠮᠢᠶᠠᠷᠤᠨ | ᠬᠠᠷᠢᠶᠠᠯᠠᠬᠤ ᠵᠡᠷᠭᠡ ᠳᠠᠩᠨᠠᠨ ᠰᠢᠢᠳᠪᠦᠷᠢᠯᠡᠬᠦ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠡᠷᠡᠭ ᠢ | ᠳᠠᠩᠨᠠᠨ ᠰᠢᠢᠳᠪᠦᠷᠢᠯᠡᠬᠦ᠂ ᠬᠠᠤᠯᠢ ᠶᠢ ᠵᠥᠷᠢᠴᠡᠵᠦ ᠣᠯᠤᠭᠰᠠᠨ | ᠣᠯᠵᠠ ᠠᠰᠢᠭ ᠢ ᠪᠠᠶᠢᠴᠠᠭᠠᠨ ᠡᠵᠡᠮᠳᠡᠬᠦ᠂ ᠪᠤᠵᠠᠷ ᠵᠣᠭᠤᠰ | ᠪᠤᠵᠠᠷ ᠡᠳ᠋ ᠢ ᠨᠡᠬᠡᠮᠵᠢᠯᠡᠨ ᠠᠪᠴᠢᠷᠠᠵᠤ ᠬᠤᠬᠢᠷᠠᠯ ᠢᠶᠠᠨ | ᠰᠢᠢᠳᠪᠦᠷᠢᠯᠡᠬᠦ ᠵᠡᠷᠭᠡ ᠠᠵᠢᠯ ᠢ ᠲᠥᠪᠯᠡᠷᠡᠭᠦᠯᠦᠨ | ᠥᠷᠨᠢᠭᠦᠯᠵᠦ᠂ ᠨᠡᠶᠢᠳᠡ 195 ᠬᠡᠷᠡᠭ ᠢ ᠬᠡᠷᠡᠭ ᠪᠣᠯᠭᠠᠨ | ᠲᠠᠩᠰᠠᠯᠠᠵᠤ ᠳᠠᠩᠨᠠᠨ ᠰᠢᠢᠳᠪᠦᠷᠢᠯᠡᠵᠦ᠂ 386 ᠶᠠᠯ᠎ᠠ ᠬᠢᠭᠰᠡᠨ | ᠰᠡᠵᠢᠭᠯᠡᠯᠲᠡᠢ ᠬᠥᠮᠦᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ ᠨᠢ 141 ᠳ᠋ᠦᠩᠰᠢᠭᠤᠷ | ᠭᠠᠷᠤᠢ ᠲᠥᠭᠦᠷᠢᠭ ᠲᠤ ᠬᠦᠷᠴᠦ᠂ ᠬᠤᠬᠢᠷᠠᠯ ᠢ ᠨᠡᠬᠡᠮᠵᠢᠯᠡᠨ | ᠠᠪᠴᠢᠷᠠᠵᠤ ᠬᠤᠬᠢᠷᠠᠯ ᠢ ᠨᠥᠬᠦᠪᠥᠷᠢᠯᠡᠭᠰᠡᠨ ᠨᠢ 84 | ᠳ᠋ᠦᠩᠰᠢᠭᠤᠷ ᠭᠠᠷᠤᠢ ᠲᠥᠭᠦᠷᠢᠭ ᠲᠤ ᠬᠦᠷᠴᠡᠢ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠤᠨ ᠲᠤᠷᠰᠢᠯᠭ᠎ᠠ ᠪᠠᠷ ᠲᠣᠯᠢ ᠪᠣᠯᠭᠠᠭᠰᠠᠨ | ᠰᠠᠭᠤᠷᠢᠨ ᠳᠡᠭᠡᠷ᠎ᠡ᠂ ᠪᠥᠬᠦ ᠣᠷᠣᠨ ᠤ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠢᠭᠡᠳ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ︽ᠬᠤᠤᠰ ᠲᠤᠰᠬᠠᠶ ᠠᠩᠭᠢ︾ ︽ᠬᠤᠤᠰ ᠬᠡᠷᠡᠭ ᠪᠣᠯᠭᠠᠨ ᠳᠠᠩᠰᠠᠯᠠᠬᠤ︾ | ᠲᠣᠭᠲᠠᠴᠠ ᠶᠢ ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠬᠤ | ᠪᠦᠬᠦᠯᠢ ᠴᠣᠭᠴᠠ ᠶᠢᠨ ᠳᠠᠶᠢᠯᠠᠯᠳᠤᠭᠠᠨ᠂ ᠬᠠᠮᠳᠤᠷᠠᠭᠰᠠᠨ | ᠳᠠᠶᠢᠯᠠᠯᠳᠤᠭᠠᠨ ᠢ ᠰᠠᠶᠢᠲᠤᠷ ᠬᠢᠵᠦ᠂ ᠮᠠᠨ ᠤ ᠣᠷᠣᠨ ᠤ ᠤᠯᠤᠰ | ᠲᠥᠷᠥ ᠶᠢᠨ ᠠᠮᠢ ᠠᠬᠤᠶ ᠶᠢ ᠪᠣᠬᠢᠷᠲᠤᠭᠤᠯᠤᠭᠰᠠᠨ ︽ᠬᠤᠤᠷᠳᠦ | ᠬᠠᠪᠤᠳᠠᠷ︾ ᠪᠠ ᠡᠬᠢ ᠡᠭᠦᠰᠦᠯ ᠢ ᠬᠦᠴᠦᠯᠡᠨ ᠠᠷᠢᠯᠭᠠᠪᠠ᠃ ᠣᠲᠣ | ᠪᠣᠯᠲᠠᠯ᠎ᠠ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ | ᠮᠥᠴᠢᠷ ᠲᠤ ᠨᠡᠶᠢᠲᠡ 159 ᠰᠦᠪᠡᠭᠴᠢ ᠶᠢ ᠰᠢᠯᠵᠢᠭᠦᠯᠦᠨ | ᠬᠦᠷᠭᠡᠵᠦ᠂ ᠬᠡᠷᠡᠭ ᠲᠤ ᠬᠤᠯᠪᠣᠭᠳᠠᠭᠰᠠᠨ 244 ᠬᠥᠮᠦᠨ ᠪᠠᠶᠢᠵᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ ᠢ | ᠬᠠᠮᠵᠢᠨ 14.2 ᠳ᠋ᠦᠩᠰᠢᠭᠤᠷ ᠭᠠᠷᠤᠶ ᠲᠥᠭᠦᠷᠢᠭ ᠤᠨ ᠬᠤᠬᠢᠷᠠᠯ ᠢ | ᠡᠭᠡᠭᠦᠯᠦᠨ ᠠᠪᠴᠢᠷᠠᠭᠰᠠᠨ ᠪᠠᠶᠢᠨ᠎ᠠ᠃ | ᠬᠠᠮᠵᠢᠯᠴᠠᠭ᠎ᠠ ᠪᠠᠨ ᠴᠢᠩᠭᠠᠳᠬᠠᠨ ᠨᠢᠭᠳᠠᠷᠠᠭᠤᠯᠵᠤ | ᠴᠣᠬᠢᠯᠲᠠ ᠥᠭᠬᠦ ᠬᠠᠮᠲᠤᠷᠠᠯ ᠬᠦᠴᠦᠨ ᠢ ᠪᠦᠷᠢᠯᠳᠦᠭᠦᠯᠬᠦ ᠶᠢ | ᠠᠬᠢᠭᠤᠯᠪᠠ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠭᠡᠳᠡᠷᠭᠦ | ᠪᠠᠶᠢᠴᠠᠭᠠᠵᠤ ᠲᠤᠰᠬᠠᠶ ᠴᠡᠭᠴᠡᠯᠡᠨ ᠵᠠᠰᠠᠬᠤ ᠠᠵᠢᠯ ᠢ | ᠠᠬᠢᠭᠤᠯᠬᠤ ᠠᠵᠢᠯ ᠤᠨ ᠳᠤᠮᠳᠠ᠂ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠢᠭᠡᠳ ᠪᠠᠶᠢᠴᠠᠭᠠᠬᠤ᠂ | ᠬᠠᠤᠯᠢ ᠶᠢᠨ ᠰᠠᠯᠠᠭ᠎ᠠ ᠮᠥᠴᠢᠷ ᠬᠠᠮᠲᠤᠷᠠᠨ ᠲᠤᠰᠬᠠᠶ | ᠴᠡᠭᠴᠡᠯᠡᠨ ᠵᠠᠰᠠᠬᠤ ᠬᠠᠮᠵᠢᠯᠴᠠᠭ᠎ᠠ ᠶᠢ ᠴᠢᠩᠭᠠᠳᠬᠠᠬᠤ | ᠲᠣᠭᠲᠠᠴᠠ ᠶᠢᠨ ᠰᠠᠨᠠᠯ ᠢ ᠳᠠᠷᠤᠮᠠᠯᠯᠠᠨ ᠲᠠᠷᠬᠠᠭᠠᠵᠤ᠂ | ᠬᠡᠷᠡᠭ ᠤᠨ ᠬᠠᠷᠢᠶᠠᠯᠠᠯ ᠢ ᠵᠢᠭᠠᠨ ᠲᠣᠭᠲᠠᠭᠠᠬᠤ᠂ ᠶᠡᠭᠡ | ᠴᠢᠬᠤᠯᠠ ᠬᠡᠷᠡᠭ ᠢ ᠪᠠᠶᠢᠴᠠᠭᠠᠬᠤ ᠬᠤᠷᠢᠶ᠎ᠠ ᠳᠤ | ᠳᠡᠪᠰᠢᠭᠦᠯᠦᠨ ᠤᠷᠢᠳᠴᠢᠯᠠᠨ ᠣᠷᠣᠯᠴᠠᠭᠤᠯᠬᠤ ᠵᠡᠷᠭᠡ | ᠲᠠᠯ᠎ᠠ ᠪᠠᠷ ᠪᠣᠳᠠᠲᠠᠶ ᠲᠣᠭᠲᠠᠭᠠᠯ ᠭᠠᠷᠭᠠᠵᠤ᠂ ᠵᠠᠷᠭᠤ ᠶᠢᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠥᠯᠥᠨ ᠪᠤᠶᠢᠷ ᠬᠤᠲᠠ ᠂ ᠬᠢᠩᠭᠠᠨ ᠠᠶᠢᠮᠠᠭ᠂ ᠰᠢᠯᠢ ᠶᠢᠨ ᠭᠤᠤᠯ | ᠠᠶᠢᠮᠠᠭ ᠵᠡᠷᠭᠡ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠨᠢ ᠰᠢᠭᠦᠬᠦ ᠬᠤᠷᠢᠶ᠎ᠠ ᠲᠠᠢ ᠬᠠᠮᠲᠤᠷᠠᠨ | ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ | ᠬᠢᠵᠦ᠂ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠬᠦ᠂ | ᠬᠠᠮᠲᠤᠷᠠᠨ ᠪᠠᠶᠢᠴᠠᠭᠠᠵᠤ ᠬᠠᠮᠲᠤᠷᠠᠨ ᠭᠦᠢᠴᠡᠳᠭᠡᠬᠦ᠂ | ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ | ᠪᠡᠶᠡᠯᠡᠭᠦᠯᠦᠨ᠂ ᠴᠣᠬᠢᠯᠲᠠ ᠥᠭᠬᠦ ᠬᠠᠮᠳᠤᠷᠠᠯ ᠬᠦᠴᠦᠨ ᠢ | ᠪᠦᠷᠢᠯᠳᠦᠭᠦᠯᠪᠡ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠨᠢ ᠪᠠᠶᠢᠭᠠᠯᠢ ᠶᠢᠨ ᠡᠬᠢ ᠪᠠᠶᠠᠯᠢᠭ᠂ | ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ | ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ | ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠶᠢᠨ ᠰᠢᠯᠭᠠᠵᠤ ᠬᠢᠨᠠᠨ | ᠲᠣᠭᠲᠠᠭᠠᠬᠤ᠂ ᠦᠨ᠎ᠡ ᠬᠠᠩᠰᠢ ᠶᠢ ᠭᠡᠷᠡᠴᠢᠯᠡᠬᠦ᠂ ᠭᠠᠵᠠᠷ | ᠰᠢᠷᠣᠶ ᠶᠢ ᠬᠡᠮᠵᠢᠨ ᠵᠢᠷᠤᠬᠤ ᠠᠬᠢᠴᠠ ᠶᠢ ᠲᠥᠷᠭᠡᠳᠭᠡᠪᠡ ᠃ | ᠲᠦᠩᠯᠢᠶᠣᠤ ᠬᠤᠲᠠ ᠵᠡᠷᠭᠡ ᠭᠠᠵᠠᠷ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠨᠢ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠭᠠᠶᠢᠯᠢ ᠶᠢᠨ | ᠶᠠᠪᠤᠳᠠᠯ ᠵᠡᠷᠭᠡ ᠨᠡᠭᠦᠷᠡᠰᠦᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠬᠡᠷᠡᠭᠵᠢᠭᠦᠯᠵᠦ | ᠡᠷᠡᠭᠦᠦ ᠰᠢᠳᠭᠡᠯ ᠬᠡᠷᠡᠭᠵᠢᠭᠦᠯᠬᠦ ᠶᠢ ᠵᠣᠯᠭᠠᠭᠤᠯᠬᠤ | ᠠᠵᠢᠯ ᠤᠨ ᠲᠦᠷᠢᠮ ᠢ ᠲᠣᠭᠲᠠᠭᠠᠵᠤ᠂ ᠬᠤᠯᠪᠣᠭᠠᠯᠠᠨ | ᠬᠥᠳᠡᠯᠦᠯᠴᠡᠵᠦ ᠠᠭᠤᠰᠤᠯᠴᠠᠭᠰᠠᠨ᠂ ᠵᠣᠬᠢᠴᠠᠯᠳᠤᠨ | ᠬᠠᠮᠵᠢᠯᠴᠠᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ | ᠠᠵᠢᠯᠯᠠᠭᠠᠨ ᠤ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠨᠡᠭᠦᠷᠡᠰᠦ ᠶᠢ ᠴᠡᠭᠴᠡᠯᠡᠨ ᠵᠠᠰᠠᠬᠤ ᠠᠯᠪᠠᠨ | ᠬᠡᠷ ᠨᠢ ᠳᠣᠲᠣᠭᠠᠳᠤ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠲᠣᠮᠣ | ᠳ᠋ᠠᠶᠢᠲ᠋ᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ | ᠨᠡᠶᠢᠯᠡᠭᠦᠯᠵᠦ᠂ ᠮᠡᠷᠭᠡᠵᠢᠯ ᠴᠢᠳᠠᠮᠵᠢ ᠶᠢ ᠴᠢᠩᠭᠠᠷᠠᠭᠤᠯᠤᠨ᠂ | ᠬᠤᠷᠴᠠ ᠴᠢᠳᠠᠮᠠᠭᠠᠶ ᠪᠠᠷ ᠵᠠᠳᠠᠯᠤᠨ ᠰᠢᠨᠵᠢᠵᠦ ᠰᠤᠳᠤᠯᠤᠨ | ᠮᠠᠭᠠᠳᠯᠠᠬᠤ ᠪᠦᠯᠬᠦᠮ ᠨᠡᠶᠢᠲᠡ ᠶᠢ ᠪᠠᠶᠢᠭᠤᠯᠵᠤ᠂ ᠨᠡᠭᠦᠷᠡᠰᠦ | ᠠᠭᠤᠷᠬᠠᠶ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢᠨ ᠬᠥᠮᠦᠰ ᠤᠨ ᠵᠠᠮ ᠮᠥᠷ᠂ ᠪᠠᠯᠠ | ᠮᠥᠩᠭᠦ ᠶᠢᠨ ᠭᠦᠢᠯᠭᠡᠭᠡᠨ ᠤ ᠬᠠᠨᠳᠤᠰᠢ ᠵᠡᠷᠭᠡ ᠶᠢ ᠰᠤᠳᠤᠯᠤᠨ | ᠮᠠᠭᠠᠳᠯᠠᠵᠤ ᠢᠯᠡᠷᠡᠭᠦᠯᠵᠦ᠂ ᠲᠤᠰᠬᠠᠶ ᠴᠡᠭᠴᠡᠯᠡᠨ | ᠵᠠᠰᠠᠬᠤ ᠳᠤ ᠦᠢᠯᠡᠴᠢᠯᠡᠬᠦ ᠶᠢ ᠬᠦᠴᠦᠲᠡᠶ ᠪᠠᠳᠣᠯᠠᠭ᠎ᠠ | ᠬᠠᠩᠭᠠᠪᠠ᠃ | ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ ᠪᠠᠲᠤ | ᠴᠢᠩᠭ᠎ᠠ ᠲᠡᠮᠦᠷ ᠴᠡᠷᠢᠭ ᠢ ᠪᠦᠬᠦ ᠬᠦᠴᠦᠨ ᠢᠶᠠᠷ ᠢᠶᠠᠨ | ᠳᠠᠪᠲᠠᠨ ᠪᠣᠯᠪᠠᠰᠤᠷᠠᠭᠤᠯᠪᠠ ᠲᠤᠰᠬᠠᠶ ᠴᠡᠭᠴᠡᠯᠡᠨ ᠵᠠᠰᠠᠬᠤ | ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠳᠤᠯᠠᠬᠤ᠂ | ᠲᠤᠰᠬᠠᠶ ᠴᠡᠭᠴᠡᠯᠡᠨ ᠵᠠᠰᠠᠬᠤ ᠶᠢ ᠠᠬᠢᠭᠤᠯᠬᠤ ᠢᠲᠡᠭᠡᠯ | ᠵᠣᠷᠢᠭ ᠢᠶᠠᠨ ᠪᠠᠲᠤᠳᠬᠠᠬᠤ ᠶᠢᠨ ᠲᠥᠯᠥᠭᠡ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 49 ᠲᠦᠷ ᠴᠠᠭ ᠤᠨ | ᠨᠠᠮ ᠤᠨ ᠡᠭᠦᠷ᠂ 77 ᠨᠠᠮ ᠤᠨ ᠳᠤᠭᠤᠶᠢᠯᠠᠩ ᠪᠠᠶᠢᠭᠤᠯᠵᠤ᠂ | ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ | ᠭᠡᠰᠢᠭᠦᠨ ᠠᠷᠠᠳ ᠤᠨ ᠴᠠᠭᠳᠠᠭ᠎ᠠ ᠶᠢᠨ ᠬᠤᠰᠢᠭᠤᠴᠢ ᠵᠢᠱᠢᠶᠡᠴᠢ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ | ᠴᠠᠭ ᠮᠥᠴᠡ ᠳᠤ ᠢᠯᠠᠯᠲᠠ ᠤᠯᠬᠤ ᠶᠢ ᠦᠨᠡᠨ ᠬᠦ ᠪᠠᠲᠤᠯᠠᠪᠠ᠃ | ᠬᠡᠷᠡᠭ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠡᠷᠡᠭ | ᠰᠢᠢᠳᠪᠦᠷᠢᠯᠡᠬᠦ ᠵᠢᠯᠣᠭᠤᠳᠤᠮᠵᠢ᠂ ᠬᠡᠷᠡᠭ ᠢ ᠳᠡᠩᠨᠡᠨ | ᠰᠢᠢᠳᠪᠦᠷᠢᠯᠡᠬᠦ ᠶᠠᠪᠤᠴᠠ ᠶᠢ ᠲᠤᠰᠬᠠᠶᠢᠯᠠᠨ ᠲᠣᠭᠲᠠᠭᠠᠵᠤ᠂ | ᠶᠡᠭᠡ ᠴᠢᠬᠤᠯᠠ ᠬᠡᠷᠡᠭ ᠢ ᠳᠡᠩᠨᠡᠨ ᠰᠢᠢᠳᠪᠦᠷᠢᠯᠡᠭᠰᠡᠨ | ᠲᠤᠷᠰᠢᠯᠭ᠎ᠠ ᠪᠠᠨ ᠲᠣᠭᠲᠠᠮᠠᠯ ᠬᠤᠭᠤᠴᠠᠭ᠎ᠠ ᠲᠠᠢ ᠪᠠᠷ | ᠰᠣᠯᠢᠯᠴᠠᠬᠤ ᠶᠢᠨ ᠬᠠᠮᠲᠤ ᠬᠡᠷᠡᠭ ᠢ ᠳᠡᠩᠨᠡᠨ | ᠰᠢᠢᠳᠪᠦᠷᠢᠯᠡᠬᠦ ᠪᠣᠯᠪᠠᠰᠤᠷᠠᠯ ᠤᠨ ᠠᠩᠭᠢ ᠡᠷᠭᠢᠯᠡᠬᠦ᠂ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠶᠢᠨ | ᠬᠠᠮᠲᠤᠷᠠᠭᠰᠠᠨ ᠬᠤᠷᠠᠯ ᠢ ᠬᠤᠷᠠᠯᠳᠤᠭᠤᠯᠬᠤ᠂ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ | ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠬᠡᠷᠡᠭ ᠢ ᠳᠡᠩᠨᠡᠨ ᠰᠢᠢᠳᠪᠦᠷᠢᠯᠡᠬᠦ ᠶᠠᠪᠤᠴᠠ᠂ ᠬᠠᠶᠢᠨ | ᠰᠢᠯᠭᠠᠵᠤ ᠬᠢᠨᠠᠨ ᠲᠣᠭᠲᠠᠭᠠᠬᠤ ᠵᠢᠷᠤᠮ᠂ ᠬᠠᠤᠯᠢ ᠴᠠᠭᠠᠵᠠ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠬᠦ | ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠰᠤᠷᠤᠯᠴᠠᠵᠤ᠂ | ᠲᠡᠶᠢᠨ ᠳᠤ ᠣᠷᠣᠯᠴᠠᠭᠰᠠᠨ ᠠᠷᠠᠳ ᠤᠨ ᠴᠠᠭᠳᠠᠭ᠎ᠠ ᠶᠢᠨ | ᠲᠤᠰᠬᠠᠶ ᠮᠡᠷᠭᠡᠵᠢᠯ ᠤᠨ ᠴᠢᠳᠠᠪᠤᠷᠢ ᠶᠢᠨ ᠳᠤᠲᠠᠭᠤᠳᠠᠯ ᠢ | ᠬᠦᠴᠦᠯᠡᠨ ᠰᠢᠢᠳᠪᠦᠷᠢᠯᠡᠵᠦ᠂ ᠪᠦᠬᠦᠯᠢ ᠴᠣᠭᠴᠠ ᠶᠢᠨ ᠴᠣᠬᠢᠯᠲᠠ | ᠥᠭᠴᠦ ᠴᠡᠭᠴᠡᠯᠡᠨ ᠵᠠᠰᠠᠬᠤ ᠴᠢᠳᠠᠪᠤᠷᠢ ᠶᠢ | ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠠᠴᠠ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠪᠣᠶ ᠪᠥᠬᠦᠶ ᠲᠡᠶᠢᠨ ᠳᠤ | ᠣᠷᠣᠯᠴᠠᠭᠰᠠᠨ ᠠᠷᠠᠳ ᠤᠨ ᠴᠠᠭᠳᠠᠭ᠎ᠠ ᠶᠢ ᠤᠨᠳᠤᠤ ᠭᠠᠵᠠᠷ ᠲᠤ | ᠬᠡᠷᠡᠭ ᠰᠢᠢᠳᠪᠦᠷᠢᠯᠡᠬᠦ ᠳᠤ ᠬᠠᠮᠵᠢᠯᠴᠠᠬᠤ ︽ᠵᠢᠷᠭᠤᠭ᠎ᠠ ᠶᠢ | ᠴᠢᠩᠭ᠎ᠠ ᠴᠠᠭᠠᠵᠠᠯᠠᠬᠤ︾᠂ ᠬᠠᠤᠯᠢ ᠴᠠᠭᠠᠵᠠ ᠶᠢᠨ ︽ᠭᠤᠷᠪᠠᠨ | ᠲᠣᠭᠲᠠᠭᠠᠯ︾ ᠳᠤ ᠭᠠᠷ ᠲᠦᠷᠦᠭᠦ ᠶᠢ ᠰᠡᠷᠭᠡᠶᠢᠯᠡᠬᠦ ᠵᠡᠷᠭᠡ | ᠬᠠᠲᠠᠭᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠠᠷ᠎ᠠ ᠪᠦᠷᠢ | ᠰᠡᠷᠡᠮᠵᠢᠯᠡᠭᠦᠯᠬᠦ ᠬᠥᠮᠦᠵᠢᠯ ᠤᠨ ᠬᠡᠷᠡᠭ ᠢᠶᠠᠷ ᠰᠠᠬᠢᠯᠭ᠎ᠠ | ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠣᠪᠣᠷ | ᠰᠤᠷᠲᠠᠯ ᠤᠨ ᠬᠠᠷᠢᠭᠤᠴᠠᠯᠭ᠎ᠠ ᠶᠢᠨ ᠪᠢᠴᠢᠭ ᠪᠠ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ | ᠢᠯᠵᠠᠷᠠᠯ ᠢ ᠡᠰᠡᠷᠭᠦᠴᠡᠵᠦ ᠬᠤᠪᠢᠷᠠᠭᠤᠯᠤᠯᠲᠠ ᠶᠢ | ᠰᠡᠷᠭᠡᠶᠢᠯᠡᠬᠦ ᠪᠠ ᠲᠥᠪ ᠭᠤᠤᠯᠴᠢ ᠪᠠᠷ ᠬᠠᠤᠯᠢ | ᠬᠡᠷᠡᠭᠵᠢᠭᠦᠯᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠴᠠᠭ ᠢᠮᠠᠭᠲᠠ ᠪᠠᠬᠢᠵᠢᠭᠦᠯᠬᠦ ᠬᠡᠷᠡᠭᠲᠡᠶ ᠭᠡᠵᠦ | ᠡᠷᠡᠰ ᠱᠠᠭᠠᠷᠳᠠᠪᠠ᠃ ᠡᠭᠦᠨ ᠤ ᠬᠠᠮᠲᠤ ᠲᠠᠶᠢᠨ ᠤ ᠦᠶ᠎ᠡ ᠶᠢᠨ | ᠬᠥᠬᠢᠭᠦᠯᠦᠨ ᠰᠠᠶᠢᠰᠢᠶᠠᠬᠤ ᠡᠷᠴᠢᠮ ᠢᠶᠠᠨ ᠴᠢᠩᠭᠠᠷᠠᠭᠤᠯᠵᠤ᠂ | ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ ᠲᠡᠷᠢᠭᠦᠨ ᠤ | ᠬᠠᠮᠲᠤ ᠪᠠ ᠬᠤᠪᠢ ᠬᠥᠮᠦᠨ ᠢ ᠬᠥᠬᠢᠭᠦᠯᠦᠨ ᠱᠠᠩᠨᠠᠵᠤ᠂ | ᠡᠩᠨᠡᠭᠡᠨ ᠤ ᠣᠮᠤᠭ ᠵᠣᠷᠢᠭ ᠢ ᠪᠦᠲᠦᠮᠵᠢᠲᠡᠢ ᠬᠥᠭᠵᠢᠭᠡᠪᠡ᠃ | | |