ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠪᠤᠶᠠᠠᠲᠡᠯᠭᠡᠷ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/1/26
         1 ᠰᠠᠷ᠎ᠠ ᠶᠢᠨ 24 ᠤ ᠡᠳᠦᠷ᠂   ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠨᠢᠭᠡᠳᠦᠭᠡᠷ ᠳᠡᠰ ᠤᠨ ᠪᠠᠭᠠᠲᠤᠷ ᠵᠢᠱᠢᠶᠡᠴᠢ︾ ︽ᠪᠥᠬᠦ ᠤᠯᠤᠰ ᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ︽ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠪᠤᠶᠠᠠᠲᠡᠯᠭᠡᠷ ᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠲᠣᠬᠤᠨᠢᠭᠤᠯᠬᠤ ᠮᠥᠩᠭᠦ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃          ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠂ ᠸᠠᠩ ᠶᠢᠨ ᠪᠦᠦ  ᠪᠤᠶᠠᠠᠲᠡᠯᠭᠡᠷ ᠲᠠᠢ ᠳᠣᠲᠣᠨᠣ ᠪᠠᠷ ᠶᠠᠷᠢᠯᠴᠠᠵᠤ᠂ ᠪᠤᠶᠠᠠᠲᠡᠯᠭᠡᠷ ᠤᠨ ᠠᠵᠢᠯ᠂ ᠠᠮᠢᠳᠤᠷᠠᠯ ᠪᠠ ᠭᠡᠷ ᠪᠦᠯᠢ ᠶᠢᠨ ᠪᠠᠶᠢᠳᠠᠯ ᠵᠢᠴᠢ ᠠᠵᠢᠯ ᠠᠮᠢᠳᠤᠷᠠᠯ ᠤᠨ ᠳᠤᠮᠳᠠᠬᠢ ᠬᠦᠴᠢᠷᠳᠡᠯ ᠢ ᠨᠠᠷᠢᠨ ᠠᠰᠠᠭᠤᠵᠤ᠂ ᠪᠤᠶᠠᠠᠲᠡᠯᠭᠡᠷ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ  ᠬᠦᠢᠴᠡᠳᠭᠡᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠪᠤᠶᠠᠠᠲᠡᠯᠭᠡᠷ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠪᠠᠬᠢ ᠪᠣᠶ ᠪᠣᠯᠭᠠᠵᠤ᠂ ᠵᠢᠱᠢᠶ᠎ᠡ ᠦᠵᠡᠭᠦᠯᠵᠦ ᠳᠠᠶᠢᠴᠢᠯᠠᠬᠤ  ᠤᠶᠢᠯᠡᠲᠤᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠤᠶᠠᠠᠲᠡᠯᠭᠡᠷ ᠮᠠᠶ᠋ᠢᠭ ᠤᠨ ᠨᠠᠩ ᠣᠯᠠᠨ ᠰᠠᠶᠢᠨ ᠴᠠᠭᠳᠠᠭ᠎ᠠ ᠪᠠ ᠰᠠᠶᠢᠨ ᠺᠠᠳ᠋ᠷ ᠢ ᠬᠥᠲᠥᠯᠦᠨ ᠳᠠᠭᠠᠭᠤᠯᠵᠤ᠂ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃         ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠪᠤᠶᠠᠨᠳᠡᠯᠭᠡᠷ ᠨᠥᠬᠦᠷ ᠤᠷᠲᠤ ᠬᠤᠭᠤᠴᠠᠭ᠎ᠠ ᠪᠠᠷ ᠦᠨᠳᠦᠰᠦᠨ ᠱᠠᠲᠤᠨ ᠳᠤ ᠦᠨᠳᠦᠰᠦᠯᠡᠵᠦ᠂ ᠬᠠᠷᠠᠮ ᠦᠭᠡᠶ ᠵᠢᠳᠬᠦᠵᠦ᠂ ᠬᠢᠵᠠᠭᠠᠯᠠᠰᠢ ᠦᠭᠡᠶ ᠦᠨᠡᠨᠴᠢ ᠰᠢᠳᠤᠷᠭᠤ ᠪᠠ ᠡᠭᠦᠷᠭᠡᠯᠡᠯ ᠢᠶᠠᠷ ᠢᠶᠠᠨ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠮ ᠪᠠ ᠤᠯᠤᠰ ᠤᠨ ᠦᠢᠯᠡᠰ ᠲᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠲᠡᠭᠦᠨ ᠤ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠪᠣᠯ ᠪᠢᠳᠡᠨ ᠤ ᠡᠷᠬᠢᠮ ᠨᠠᠨᠳᠢᠨ ᠥᠪ ᠬᠥᠷᠥᠩᠭᠡ ᠮᠥᠨ᠂ ᠪᠦᠭᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ‌‍ᠪᠤᠶᠠᠠᠲᠡᠯᠭᠡᠷ ᠨᠥᠬᠦᠷ ᠢᠶᠠᠷ ᠳᠠᠭᠤᠷᠢᠶᠠᠯ ᠪᠣᠯᠭᠠᠵᠤ᠂ ᠤᠭ ᠰᠠᠨᠠᠭ᠎ᠠ ᠪᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠦᠢᠯᠡᠰ ᠪᠦᠲᠦᠭᠡᠵᠦ᠂ ᠭᠤᠶᠠᠴᠢ ᠦᠭᠡᠢ ᠵᠢᠳᠬᠦᠵᠦ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠶ᠃ ᠪᠤᠶᠠᠨ ᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠤᠶᠢᠯᠡᠲᠤᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠶᠡᠭᠡ ᠶᠠᠪᠤᠳᠠᠯ ᠢ ᠲᠣᠰᠬᠤᠨ ᠠᠴᠠ ᠭᠠᠷᠭᠠᠬᠤ ᠥᠬᠡᠶ᠂ ᠪᠠᠭ᠎ᠠ ᠶᠠᠪᠤᠳᠠᠯ ᠢ ᠭᠠᠳᠠᠭᠰᠢ ᠭᠠᠷᠭᠠᠬᠤ ᠥᠬᠡᠶ ᠪᠠᠶᠢᠬᠤ ᠶᠢ ᠪᠡᠶᠡᠯᠡᠭᠦᠯᠵᠦ᠂ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠠᠵᠢᠯ ᠨᠢᠭᠡᠪᠦᠷᠢ ᠶᠢ ᠰᠠᠶᠢᠲᠤᠷ ᠬᠢᠵᠦ᠂ ᠪᠤᠶᠠᠨ ᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ᠨᠠᠷᠠᠲᠤ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ᠃       ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠰᠢᠶᠤᠤ ᠶᠠᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠾᠧ ᠷᠦᠢ  ᠲᠤᠬᠤᠨᠢᠭᠤᠯᠭ᠎ᠠ ᠳᠤ ᠣᠷᠣᠯᠴᠠᠪᠠ᠃                 ᠰᠤᠷᠪᠤᠯᠵᠢᠯᠠᠭᠴᠢ᠄  ᠤᠯᠠᠭᠠᠨ   ᠾᠧᠦ ᠰᠢᠤᠢ ᠵᠢᠶᠠ                  ᠤᠶᠢᠯᠡᠲᠦᠭᠴᠢ᠄ ᠲᠤᠩᠭᠠᠯᠠᠭ                 ᠬᠢᠨᠠᠭᠴᠢ᠄ ᠪᠤᠤ ᠤᠯᠠᠭᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ