ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠦᠭᠡᠨ᠋ᠦ᠋ᠠᠲᠤᠷ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/10/22
        10 ᠰᠠᠷ᠎ᠠ ᠶᠢᠨ 19 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠦᠭᠡᠨ᠋ᠦ᠋ᠠᠲᠤᠷ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂  ᠬᠦᠭᠡᠨ᠋ᠦ᠋ᠠᠲᠤᠷ ᠪᠠᠯᠭᠠᠰᠤ ᠶᠢᠨ ᠠᠵᠤ ᠦᠢᠯᠡᠳᠪᠦᠷᠢ ᠶᠢᠨ ᠴᠢᠬᠤᠯᠠ ᠪᠠᠯᠭᠠᠰᠤ ᠶᠢᠨ ᠳᠠᠪᠠᠭᠤᠯᠢᠭ ᠤᠨ ᠲᠣᠭᠤᠷᠢᠨ ᠳᠤ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠬᠥᠭᠵᠢᠯᠲᠡ ᠶᠢᠨ ᠤᠢᠢᠯᠠᠭᠠᠭᠳᠠᠬᠤᠨ ᠢ ᠴᠢᠩᠭ᠎ᠠ ᠠᠳᠬᠤᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 2023 ᠣᠨ ᠤ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂  ᠬᠦᠭᠡᠨ᠋ᠦ᠋ᠠᠲᠤᠷ ᠪᠠᠯᠭᠠᠰᠤ ᠶᠢ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠬᠤ ᠣᠷᠣᠨ᠂ ᠪᠣᠬᠢᠷᠲᠤᠯ ᠦᠭᠡᠢ ᠠᠮᠢ ᠠᠬᠤᠢ ᠶᠢᠨ ᠴᠤᠭᠯᠠᠷᠠᠯ ᠤᠨ ᠣᠷᠣᠨ᠂ ᠠᠮᠢ ᠠᠬᠤᠢ ᠶᠢᠨ ᠪᠣᠯᠪᠠᠰᠤᠨ ᠤ ᠵᠢᠱᠢᠶ᠎ᠠ ᠦᠵᠡᠭᠦᠯᠬᠦ ᠣᠷᠣᠨ᠂ ᠭᠠᠳᠠᠭᠠᠳᠤ ᠨᠡᠬᠡᠬᠡᠯᠳᠡ ᠶᠢᠨ  ᠵᠢᠱᠢᠶ᠎ᠠ ᠦᠵᠡᠭᠦᠯᠬᠦ ᠣᠷᠣᠨ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠡᠢ᠃         ᠸᠠᠩ ᠶᠢᠨ ᠪᠦᠦ ᠤᠷᠢᠳ ᠬᠤᠵᠢᠳ  ᠬᠦᠭᠡᠨ᠋ᠦ᠋ᠠᠲᠤᠷ ᠪᠠᠯᠭᠠᠰᠤ ᠶᠢᠨ ᠭᠤᠸᠠᠩ ᠯᠢᠨ ᠲᠣᠰᠬᠤᠨ ᠤ ᠴᠡᠴᠡᠭᠲᠤ ᠮᠦᠭᠦ ᠲᠠᠷᠢᠬᠤ ᠰᠠᠭᠤᠷᠢᠨ ᠂  ᠬᠦᠭᠡᠨ᠋ᠦ᠋ᠠᠲᠤᠷ ᠪᠠᠯᠭᠠᠰᠤ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠰᠠᠭᠤᠷᠢᠨ ᠳᠤ ᠭᠦᠨᠵᠡᠭᠡᠶᠢᠷᠡᠵᠦ᠂ ᠠᠵᠤ ᠦᠢᠯᠡᠰ ᠤᠨ ᠲᠦᠷᠦᠯ ᠵᠦᠢᠯ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃          ᠸᠠᠩ ᠶᠢᠨ ᠪᠦᠦ ᠵᠢᠭᠠᠵᠤ ᠭᠠᠷᠭᠠᠭᠰᠠᠨ ᠨᠢ᠂  ᠬᠦᠭᠡᠨ᠋ᠦ᠋ᠠᠲᠤᠷ ᠪᠠᠯᠭᠠᠰᠤ ᠨᠢ ᠠᠵᠤ  ᠤᠶᠢᠯᠡᠳᠪᠤᠷᠢ ᠶᠢᠨ ᠴᠢᠬᠤᠯᠠ ᠪᠠᠯᠭᠠᠰᠤ ᠪᠣᠯᠤᠭᠰᠠᠨ ᠤ ᠬᠤᠪᠢ ᠳᠤ᠂ ᠠᠵᠤ  ᠤᠶᠢᠯᠡᠳᠪᠤᠷᠢ ᠶᠢᠨ ᠴᠢᠬᠤᠯᠠ ᠪᠠᠯᠭᠠᠰᠤ ᠶᠢᠨ ᠳᠠᠪᠠᠭᠤᠯᠢᠭ ᠢ  ᠬᠦᠢᠴᠡᠳ ᠪᠠᠳᠠᠷᠠᠭᠤᠯᠵᠤ᠂ ᠠᠵᠤ  ᠤᠶᠢᠯᠡᠳᠪᠤᠷᠢ ᠶᠢ  ᠬᠦᠭᠵᠢᠬᠦᠯᠤᠨ ᠬᠦᠴᠦᠷᠬᠡᠭᠵᠢᠭᠦᠯᠬᠦ ᠪᠠᠷ ᠪᠠᠷᠠᠬᠤ ᠥᠬᠡᠶ ᠪᠠᠰᠠ ᠲᠠᠷᠢᠶᠠᠯᠠᠩ ᠢ ᠨᠠᠷᠢᠯᠢᠭ  ᠬᠢᠵᠦ᠂  ᠲᠠᠷᠢᠶᠠᠯᠠᠩ ᠢ ᠬᠥᠭᠵᠢᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ ᠠᠰᠢᠭᠯᠠᠵᠤ᠂ ᠬᠡᠪᠴᠢᠶᠡᠵᠢᠭᠦᠯᠦᠨ ᠲᠠᠷᠢᠬᠤ᠂ ᠮᠧᠬᠠᠨᠢᠭᠵᠢᠭᠤᠯᠤᠨ ᠲᠠᠷᠢᠶᠠᠯᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠲᠦᠷᠦᠯ ᠳᠡᠮᠳᠡᠭ ᠢᠶᠠᠷ ᠪᠣᠷᠣᠯᠠᠭᠤᠯᠬᠤ ᠣᠳᠣᠬᠢᠴᠢᠯᠠᠭᠰᠠᠨ ᠲᠠᠷᠢᠶᠠᠯᠠᠩ ᠤᠨ ᠵᠠᠮ ᠢᠶᠠᠷ ᠵᠠᠮᠨᠠᠬᠤ ᠬᠡᠷᠡᠭᠲᠡᠶ᠃          ᠸᠠᠩ ᠶᠢᠨ ᠪᠦᠦ ᠴᠢᠬᠤᠯᠠᠴᠢᠯᠠᠭᠰᠠᠨ ᠨᠢ᠂ ᠰᠤᠮᠤ ᠪᠠᠯᠭᠠᠰᠤ ᠨᠢ ᠲᠥᠷᠥᠯ  ᠵᠤᠶᠢᠯ ᠤᠨ ᠪᠠᠯᠠ ᠮᠥᠩᠭᠦ ᠶᠢ  ᠬᠦᠢᠴᠡᠳ ᠠᠰᠢᠭᠯᠠᠨ ᠭᠠᠵᠠᠷ ᠰᠢᠷᠣᠶ ᠶᠢᠨ ᠥᠨᠳᠥᠷ ᠪᠠᠷᠢᠮᠵᠢᠶ᠎ᠠ ᠪᠠᠷ ᠥᠭᠡᠷᠡᠴᠢᠯᠡᠬᠦ ᠶᠢ ᠰᠠᠶᠢᠲᠤᠷ ᠬᠡᠷᠡᠭᠵᠢᠭᠦᠯᠵᠦ᠂ ᠬᠥᠷᠥᠰᠥ ᠰᠢᠷᠣᠶ ᠶᠢᠨ ᠭᠠᠵᠠᠷ ᠤᠨ ᠰᠢᠮ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠬᠤᠷᠰᠢᠶ᠎ᠠ ᠪᠠᠶᠢᠭᠤᠯᠤᠨ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠪᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠰᠠᠶᠢᠲᠤᠷ ᠠᠬᠢᠭᠤᠯᠬᠤ ᠬᠡᠷᠡᠭᠲᠡᠶ᠃ ᠨᠠᠮᠤᠷ ᠡᠪᠦᠯ ᠤᠨ ᠤᠯᠠᠷᠢᠯ ᠤᠨ ᠣᠶᠢᠵᠢᠭᠤᠯᠬᠤ ᠠᠵᠢᠯ ᠢ ᠰᠠᠶᠢᠲᠤᠷ ᠬᠢᠵᠦ᠂ ᠬᠢᠯᠢ ᠶᠢᠨ ᠳᠣᠲᠣᠷᠠᠬᠢ ᠭᠤᠣᠯ ᠰᠤᠪᠠᠭ ᠤᠨ ᠬᠤᠷᠠᠭᠰᠠᠨ ᠢ ᠠᠷᠢᠯᠭᠠᠬᠤ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠲᠠᠷᠢᠶᠠᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠴᠢᠶᠡᠯ ᠤᠨ ᠲᠠᠩᠬᠢᠮ ᠢ ᠨᠡᠭᠡᠭᠡᠨ ᠡᠷᠬᠢᠯᠡᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠫᠧᠩ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠷ᠎ᠡ ᠠᠰᠢᠭ ᠭᠠᠷᠭᠠᠭᠤᠯᠵᠤ᠂ ᠬᠤᠵᠢᠷᠯᠢᠬ ᠭᠠᠵᠠᠷ ᠢ ᠭᠦᠢᠴᠡᠳ ᠠᠰᠢᠭᠯᠠᠨ  ᠴᠡᠴᠡᠭᠲᠤ ᠮᠥᠭᠦ ᠶᠢᠨ ᠲᠠᠷᠢᠬᠤ ᠲᠠᠯᠠᠪᠠᠢ ᠶᠢ ᠥᠷᠭᠡᠳᠬᠡᠵᠦ ᠂  ᠴᠡᠴᠡᠭᠲᠤ ᠮᠥᠭᠦ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠬᠤᠵᠢᠷᠯᠢᠬ ᠭᠠᠵᠠᠷ ᠤᠨ ᠭᠠᠷᠤᠯᠲᠠ ᠶᠢ ᠥᠨᠳᠥᠷ ᠦᠷ᠎ᠡ ᠠᠰᠢᠭ ᠲᠠᠢ ᠪᠣᠯᠭᠠᠬᠤ ᠬᠡᠷᠡᠭᠲᠡᠶ᠃          ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠶᠢᠨ ᠪᠦᠦ ᠪᠠᠰᠠ ᠠᠵᠤ ᠦᠢᠯᠡᠳᠪᠦᠷᠢ ᠶᠢᠨ ᠲᠣᠭᠤᠷᠢᠭ ᠤᠨ ᠡᠯ᠎ᠡ ᠵᠠᠮ ᠤᠨ ᠠᠭᠤᠯᠵᠠᠷ ᠤᠨ ᠳ᠋ᠧᠩ ᠤᠨ ᠳᠤᠬᠢᠷᠠᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠸᠠᠩ ᠶᠢᠨ ᠪᠦᠦ ᠱᠠᠭᠠᠷᠳᠠᠭᠰᠠᠨ ᠨᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠳᠤᠴᠠ ᠶᠢ ᠪᠠᠭᠤᠷᠠᠭᠤᠯᠬᠤ ᠪᠦᠰᠡ᠂ ᠬᠤᠷᠳᠤᠴᠠ ᠶᠢ ᠬᠢᠵᠠᠭᠠᠷᠯᠠᠬᠤ ᠲᠡᠮᠳᠡᠭ᠂ ᠰᠡᠭᠦᠳᠡᠷᠯᠡᠬᠦ ᠲᠥᠬᠦᠭᠡᠷᠦᠮᠵᠢ᠂ ᠬᠤᠷᠳᠤᠴᠠ ᠶᠢ ᠬᠢᠵᠠᠭᠠᠷᠯᠠᠬᠤ ᠲᠥᠬᠦᠭᠡᠷᠦᠮᠵᠢ ᠶᠢ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠬᠦᠴᠦᠯᠡᠨ ᠰᠡᠢᠳᠪᠤᠷᠢᠯᠡᠬᠦᠤ᠋ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠵᠠᠭᠤᠨ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠣᠶ ᠪᠣᠯᠭᠠᠵᠤ  ᠦᠭᠬᠦ ᠭᠡᠷᠡᠭᠲᠡᠢ ᠭᠡᠵᠡᠢ᠃          ᠬᠤᠰᠢᠭᠤᠨ ᠤ ᠤᠳᠤᠷᠢᠳᠤᠯᠭ᠎ᠠ ᠵᠤ᠋ ᠹᠧᠩ᠂ ᠶᠢᠨ ᠳ᠋ᠦᠩ᠂  ᠪᠤᠯᠤᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                   ᠰᠤᠷᠪᠤᠯᠵᠢᠯᠠᠭᠴᠢ᠄ ᠯᠢᠦ ᠬᠤᠸᠠᠨ     ᠤᠯᠠᠭᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ