ᠤᠷᠠᠳ ᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/15
           ᠤᠷᠠᠳ ᠬᠤᠶᠢᠲᠤ  ᠰᠡᠷᠬᠡᠶᠢᠯᠠᠨ ᠵᠢᠯᠤᠭᠤᠳᠬᠤ ᠵᠠᠷᠯᠠᠯ ﹇2022﹈ 51  ᠳ᠋ᠤᠬᠡᠷ ᠲᠣᠭᠠᠲᠤ             ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 1 ᠤ ᠡᠳᠦᠷ ᠪᠥᠬᠦ ᠬᠤᠰᠢᠭᠤᠨ ᠤ ᠵᠢᠷᠭᠤᠭᠠᠨ ᠰᠤᠮᠤ ᠪᠠᠯᠭᠠᠰᠤ᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠵᠡᠶ᠃ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠳᠣᠤᠷ᠎ᠠ᠂ ᠪᠥᠬᠦ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠺᠠᠳ᠋ᠷ ᠵᠡᠷᠭᠡ ᠶᠢᠨ ᠰᠢᠷᠭᠠᠭᠤ ᠴᠢᠷᠮᠡᠶᠢᠯᠭ᠎ᠠ ᠳᠣᠤᠷ᠎ᠠ᠂ ᠨᠡᠶᠢᠲᠡ 61302 ᠬᠤᠪᠢ ᠥᠯᠢᠭᠡᠷ ᠡᠳ᠋ ᠴᠤᠭᠯᠠᠭᠤᠯᠬᠤ ᠶᠢ ᠪᠡᠶᠡᠯᠡᠭᠦᠯᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠵᠤ᠂ ᠣᠨᠴᠠᠭᠠᠶᠢᠯᠠᠨ ᠨᠡᠶᠢᠭᠡᠮ ᠨᠡᠶᠢᠲᠡ ᠳᠤ ᠵᠠᠷᠯᠠᠪᠠ᠃         ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ  ᠴᠢᠬᠤᠯᠨ ᠦᠭᠡᠢ ᠪᠤᠯ ᠭᠠᠷᠬᠤ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃              ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃                   ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                               2022 ᠣᠨ ᠤ 11 ᠰᠠᠷ᠎ᠠ ᠶᠢᠨ 1 ᠤ ᠡᠳᠤᠷ 
ᠢᠷᠡᠯᠲᠡ᠄ ᠲᠤᠰ ᠰᠦᠯᠵᠢᠶ᠎ᠠ