ᠤᠷᠠᠳ ᠤᠨ ᠬᠤᠶᠢᠲᠤ ᠬᠤᠰᠢᠭᠤᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠲᠦᠭᠰᠢᠭᠦᠷᠢᠲᠦ ᠠᠵᠢᠯ ᠤᠨ ᠪᠠᠶᠢᠷᠢ ᠵᠢᠴᠢ ᠭᠤᠣᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/20
                 ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ ﹇2022﹈ 74 ᠳ᠋ᠦᠭᠡᠷ ᠲᠣᠭᠠᠲᠤ              ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 18 ᠤ ᠡᠳᠦᠷ ᠮᠠᠨ ᠤ ᠬᠤᠰᠢᠭᠤ ᠭᠤᠤᠯᠳᠠᠯᠭ᠎ᠠ ᠲᠠᠢ ᠣᠷᠣᠨ ᠪᠦᠰᠡ ᠶᠢᠨ ᠲᠦᠭᠰᠢᠭᠦᠷᠢᠲᠦ ᠠᠵᠢᠯ ᠤᠨ ᠪᠠᠶᠢᠷᠢ ᠪᠠ ᠭᠤᠤᠯᠳᠠᠯᠭ᠎ᠠ ᠲᠠᠢ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠪᠠ᠃ ᠨᠡᠶᠢᠲᠡ 8518 ᠬᠥᠮᠦᠨ ᠤ  ᠦᠯᠢᠬᠡᠷ ᠠᠪᠬᠤ ᠶᠢ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠃           ᠭᠤᠣᠯᠳᠠᠯᠭ᠎ᠠ ᠲᠠᠢ  ᠲᠤᠰᠠᠭᠠᠷᠯᠠᠨ ᠬᠠᠮᠢᠶᠠᠷᠤᠨ ᠡᠵᠠᠮᠳᠠᠵᠤ ᠪᠠᠶᠢᠭ᠎ᠠ ᠬᠦᠮᠤᠰ ᠤᠨ ᠳᠤᠮᠳᠠ ᠠᠴᠠ ᠨᠢᠬᠡ‌ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠪᠠᠶᠢᠴᠠᠭᠠᠵᠤ ᠭᠠᠷᠭᠠᠪᠠ᠃              ᠨᠡᠶᠢᠭᠡᠮ ᠨᠡᠶᠢᠲᠡ ᠳᠤ ᠣᠨᠴᠠᠭᠠᠶᠢᠯᠠᠨ ᠵᠠᠷᠯᠠᠪᠠ᠃               ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ  ᠪᠦᠳᠤᠮᠵᠢ ᠶᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃          ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃                                 ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                 2022 ᠣᠨ ᠤ 11 ᠰᠠᠷ᠎ᠠ ᠶᠢᠨ 18  ᠤ ᠡᠳᠤᠷ 
ᠢᠷᠡᠯᠲᠡ᠄ ᠲᠤᠰ ᠰᠦᠯᠵᠢᠶ᠎ᠠ