ᠬᠦᠭᠡᠴᠤ  ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/11/21
       ᠤᠶᠢᠷ᠎ᠠ ᠳᠤ᠂  ᠬᠦᠭᠡᠴᠤ ᠰᠤᠮᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ᠃ ᠲᠤᠰᠬᠠᠶ ᠰᠡᠳᠦᠪᠲᠦ ᠰᠤᠷᠤᠯᠴᠠᠯᠭ᠎ᠠ ᠶᠢ ᠭᠤᠣᠯᠳᠠᠭᠤ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠰᠢᠨ᠎ᠡ ᠦᠵᠡᠯᠲᠡ᠂ ᠰᠢᠨ᠎ᠡ ᠨᠤᠲᠠᠯᠠᠯᠲᠠ᠂ ᠰᠢᠨ᠎ᠡ ᠦᠵᠡᠯ ᠰᠠᠨᠠᠭ᠎ᠠ︾ ᠶᠢᠨ ᠲᠣᠭᠤᠷᠢᠨ ᠳᠤ ᠥᠷᠨᠢᠭᠦᠯᠪᠡ᠃       ᠬᠤᠷᠠᠯ ᠠᠴᠠ᠂ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠢᠭᠡ ᠤᠳᠠᠭ᠎ᠠ ᠶᠢᠨ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ  ᠬᠦᠰᠢᠶ᠎ᠠ ᠲᠡᠮᠳᠡᠭ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ  ‍ᠤᠨ‌‍ᠬᠢᠭᠰᠡᠨ ᠢᠯᠡᠳᠬᠡᠯ ᠨᠢ ᠲᠤᠭ ᠢ ᠡᠷᠭᠦᠨ ᠴᠢᠭᠯᠡᠯ ᠢ ᠲᠣᠭᠲᠠᠭᠠᠵᠤ᠂ ᠰᠦᠷ ᠵᠢᠪᠬᠤᠭ᠎ᠠ ᠲᠠᠢ᠂ ᠪᠠᠶᠠᠯᠢᠭ ᠠᠭᠤᠯᠬᠤᠨ ᠲᠠᠢ᠂ ᠠᠯᠤᠰ ᠬᠡᠳᠦ ᠶᠢᠨ ᠠᠴᠢ ᠬᠤᠯᠪᠣᠭᠳᠠᠯ ᠲᠠᠢ᠂ ᠲᠡᠦᠬᠡ ᠶᠢ ᠨᠡᠪᠲᠡ ᠲᠤᠭᠤᠯᠵᠤ᠂ ᠢᠷᠡᠭᠡᠳᠦᠢ ᠶᠢ ᠬᠦᠳᠦᠯᠦᠨ ᠳᠠᠭᠠᠭᠤᠯᠵᠠᠢ᠃           ᠬᠤᠷᠠᠯ ᠠᠴᠠ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠢᠯ ᠢᠶᠠᠨ ᠰᠤᠳᠤᠯᠤᠨ ᠰᠡᠳᠬᠢᠬᠦ ᠪᠠ ᠠᠬᠢᠭᠤᠯᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ ᠪᠠᠶᠢᠭᠠᠳ  ᠬᠦᠭᠡᠴᠤ ᠰᠤᠮᠤ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ  ᠬᠡᠵᠤ  ᠲᠤᠷᠠᠳᠤᠬᠰᠠᠨ ᠪᠠᠶᠢᠨ᠎ᠠ᠃
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ