ᠤᠷᠠᠳ ᠤᠨ ᠬᠤᠶᠢᠲᠤ ᠬᠤᠰᠢᠭᠤᠨ ᠤ ᠨᠤᠲᠤᠭ ᠪᠡᠯᠴᠢᠭᠡᠷ  ᠤᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢᠨ  ᠲᠤᠬᠠᠢ ᠲᠠᠶᠢᠯᠤᠮᠵᠢ ︵  ᠭᠤᠷᠪᠠ ︶
ᠨᠡᠶᠢᠲᠡᠯᠡᠭᠰᠡᠨ ᠴᠠᠭ᠄
2022/11/23

          ᠲᠡᠵᠢᠭᠡᠯ ᠡᠪᠡᠰᠦᠨ ᠤ ᠠᠵᠤ ᠦᠢᠯᠡᠰ ᠢ ᠬᠥᠭᠵᠢᠭᠦᠯᠬᠦ ᠢᠨᠵᠧᠨᠧᠷᠢᠩ 

    

    1.  ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠮᠠᠨ ᠤ

ᠬᠤᠰᠢᠭᠤᠨ ᠤ ᠡᠪᠡᠰᠦ ᠪᠡᠯᠴᠢᠭᠡᠷ ᠤᠨ ᠠᠵᠤ ᠦᠶ᠋ᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ ᠪᠠ ᠠᠵᠤ ᠦᠶᠢᠯᠡᠰᠵᠢᠯᠲᠡ ᠶᠢ ᠴᠢᠷᠮᠠᠶᠢᠨ ᠠᠬᠢᠭᠤᠯᠵᠤ᠂

       2. ᠮᠠᠨ ᠤ ᠬᠤᠰᠢᠭᠤᠨ ᠤ ᠡᠪᠡᠰᠦ ᠪᠡᠯᠴᠢᠭᠡᠷ ᠤᠨ ᠠᠵᠤ  ᠦᠢᠯᠡᠰ ᠤᠨ ᠪᠦᠬᠦᠯᠢ ᠴᠣᠭᠴᠠ ᠶᠢᠨ ᠬᠡᠪ ᠴᠢᠨᠠᠷ ᠪᠠ ᠦᠷ᠎ᠡ ᠠᠰᠢᠭ ᠢ ᠰᠢᠨ᠎ᠡ ᠨᠢᠭᠡᠨ

ᠲᠦᠪᠰᠢᠨ ᠳᠤ ᠬᠦᠷᠭᠡᠨ᠎ᠡ᠃

      3. ᠮᠠᠨ ᠤ ᠬᠤᠰᠢᠭᠤᠨ ᠤ ᠴᠢᠨᠠᠷ ᠰᠠᠶᠢᠲᠠᠶ ᠡᠪᠡᠰᠦ ᠪᠡᠯᠴᠢᠭᠡᠷ ᠳᠤᠲᠠᠭᠳᠠᠵᠤ ᠪᠠᠶᠢᠭ᠎ᠠ ᠬᠦᠴᠢᠷᠳᠡᠯ ᠢ ᠪᠦᠲᠦᠮᠵᠢᠲᠡᠶ ᠨᠠᠮᠳᠠᠭᠤᠯᠵᠤ᠂ ᠪᠠᠶᠢᠭᠠᠯᠢ ᠶᠢᠨ ᠨᠤᠲᠤᠭ

ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠡᠷᠭᠦᠭᠡᠵᠦ᠂ ︽ᠨᠤᠲᠤᠭ

ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ︾

ᠬᠠᠮᠲᠤ ᠪᠠᠷ ᠠᠰᠢᠭ ᠭᠥᠷᠳᠡᠬᠦ ᠪᠠᠶᠢᠳᠠᠯ ᠢ ᠪᠣᠶ ᠪᠣᠯᠭᠠᠵᠤ᠂ ᠮᠠᠯᠵᠢᠬᠤ ᠣᠷᠣᠨ ᠤ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ᠃ 

     4. 2025 ᠣᠨ ᠪᠣᠯᠬᠤ ᠳᠤ᠂ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠰᠠᠯᠠᠵᠤ ᠱᠠᠩᠨᠠᠬᠤ ᠲᠣᠭᠲᠠᠴᠠ᠂ ᠪᠡᠭᠡᠵᠢᠩ

ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠶᠢᠨ ᠵᠢᠱᠢᠶ᠎ᠡ ᠦᠵᠡᠭᠦᠯᠬᠦ ᠢᠨᠵᠧᠨᠧᠷᠢᠩ

ᠵᠡᠷᠭᠡ ᠴᠢᠬᠤᠯᠠ ᠶᠡᠭᠡ ᠲᠥᠷᠥᠯ ᠵᠦᠶ᠋ᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ

107.5 ᠲᠦᠮᠡᠨ ᠮᠥ ᠪᠡᠶᠡᠯᠡᠭᠦᠯᠦᠨ᠎ᠡ᠃ ᠡᠭᠦᠨ ᠳᠤ 6 ᠲᠦᠮᠡᠨ ᠮᠥ ᠬᠠᠰᠢᠶᠠᠯᠠᠨ ᠪᠢᠲᠡᠭᠦᠮᠵᠢᠯᠡᠨ ᠪᠤᠶᠢᠵᠢᠭᠤᠯᠵᠤ᠂ 1.5 ᠲᠦᠮᠡᠨ ᠮᠥ ᠴᠢᠨᠠᠷ ᠰᠠᠶᠢᠲᠠᠶ ᠲᠡᠵᠢᠭᠡᠯ

ᠡᠪᠡᠰᠦ ︵ᠥᠩᠭᠡᠷᠡᠭᠰᠡᠨ ᠵᠢᠯ ᠤᠳ ᠤᠨ ᠦᠯᠡᠳᠡᠭᠡᠭᠰᠡᠨ ᠲᠠᠯᠠᠪᠠᠶ ᠪᠠᠭᠲᠠᠨ᠎ᠠ︶᠂ 50 ᠲᠦᠮᠡᠨ ᠮᠥ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠵᠦ᠂ 50

ᠲᠦᠮᠡᠨ ᠮᠥ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠨ᠎ᠠ᠃

      5.  ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ︽ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠪᠠ

ᠮᠠᠰᠢᠨᠴᠢᠯᠠᠬᠤ︾ ᠱᠠᠭᠠᠷᠳᠠᠯᠭ᠎ᠠ ᠳᠤ ᠬᠦᠷᠭᠡᠵᠦ᠂ ᠲᠠᠷᠢᠮᠠᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠢ ᠵᠦᠶ ᠵᠣᠬᠢᠰᠲᠠᠶ ᠪᠣᠯᠭᠠᠵᠤ᠂ ᠣᠯᠠᠨ ᠨᠠᠰᠤᠲᠤ

ᠲᠡᠵᠢᠭᠡᠯ ᠡᠪᠡᠰᠦᠨ ᠤ ᠲᠠᠷᠢᠮᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠡᠵᠢᠭᠡᠯ ᠡᠪᠡᠰᠦᠨ ᠤ ᠦᠷ᠎ᠡ ᠶᠢᠨ ᠤᠨᠠᠯᠲᠠ ᠪᠠ ᠶᠠᠰᠤ ᠴᠢᠨᠠᠷ ᠵᠢᠴᠢ ᠴᠢᠨᠠᠷ ᠰᠠᠶᠢᠲᠠᠶ

ᠲᠡᠵᠢᠭᠡᠯ ᠡᠪᠡᠰᠦᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠯᠲᠠ ᠶᠢ ᠪᠦᠲᠦᠮᠵᠢᠲᠡᠶ ᠪᠠᠷ

ᠨᠠᠮᠳᠠᠭᠤᠯᠤᠨ᠂ ᠨᠤᠲᠤᠭ ᠪᠡᠯᠴᠢᠭᠡᠷ ᠤᠨ ᠮᠠᠭᠤᠵᠢᠷᠠᠵᠤ ᠡᠯᠡᠰᠦᠷᠬᠡᠭᠵᠢᠬᠦ ᠬᠠᠨᠳᠤᠰᠢ ᠶᠢ ᠬᠢᠵᠠᠭᠠᠷᠯᠠᠬᠤ ᠶᠢᠨ ᠬᠠᠮᠲᠤ ᠰᠠᠶᠢᠨ ᠣᠷᠴᠢᠯ ᠳᠠᠰᠢ ᠬᠥᠭᠵᠢᠭᠦᠯᠵᠦ᠂ ᠮᠠᠯ

ᠪᠡᠯᠴᠢᠭᠡᠷ ᠤᠨ ᠲᠡᠩᠴᠡᠭᠦᠷᠢ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃

       6.  ᠨᠤᠲᠤᠭ ᠪᠡᠯᠴᠢᠭᠡᠷ  ᠤᠨ  ᠦᠢᠯᠡᠳᠪᠦᠷᠢᠯᠡᠯ ᠪᠣᠯᠤᠨ ᠠᠮᠢ ᠠᠬᠤᠶ ᠶᠢᠨ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠵᠢᠬᠤ ᠣᠷᠣᠨ 

 ᠤ ᠭᠠᠮᠰᠢᠭ  ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ  ᠢ

ᠰᠠᠶᠢᠵᠢᠷᠠᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠣᠷᠣᠨ  ᠤ ᠠᠵᠤ ᠠᠬᠤᠶ ᠶᠢᠨ

ᠬᠥᠭᠵᠢᠯᠲᠡ ᠶᠢ ᠠᠬᠢᠭᠤᠯᠤᠨ᠎ᠠ᠃

      7.  ᠦᠢᠯᠡᠳᠪᠦᠷᠢᠯᠡᠯ ᠢ ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ ᠠᠮᠢ ᠠᠬᠤᠶ ᠶᠢ ᠰᠠᠶᠢᠨ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃

   

ᠢᠷᠡᠯᠲᠡ᠄ ᠲᠤᠰ ᠰᠦᠯᠵᠢᠶ᠎ᠠ