ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤ  ᠶᠢᠨ ᠲᠦᠭᠰᠢᠬᠦᠷᠢᠳᠤ ᠠᠵᠢᠯ ᠤᠨ ᠪᠠᠶᠢᠷᠢ ᠪᠣᠯᠤᠨ ᠭᠤᠣᠯᠳᠠᠯᠭ᠎ᠠ ᠲᠠᠢ ᠬᠥᠮᠦᠰ  ᠲᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/23
               ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ ﹇2022﹈ 76 ᠳ᠋ᠤᠭᠠᠷ ᠲᠣᠭᠠᠲᠤ             ᠬᠢᠵᠢᠭ ᠤᠨ ᠲᠠᠷᠬᠠᠯᠲᠠ ᠶᠢ ᠪᠦᠲᠦᠮᠵᠢᠲᠡᠶ ᠲᠡᠰᠦᠯᠵᠦ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 11 ᠰᠠᠷ᠎ᠠ ᠶᠢᠨ 22 ᠤᠨ ᠡᠳᠦᠷ ᠲᠦᠭᠰᠢᠭᠦᠷᠢᠲᠦ ᠠᠵᠢᠯ ᠤᠨ ᠪᠠᠶᠢᠷᠢ ᠪᠠ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ  ᠪᠠᠶᠢᠴᠠᠭᠠᠯᠳᠠ ᠥᠷᠨᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄             ᠨᠢᠭᠡ᠂ 11 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨᠡᠬᠢ 8᠄ 00 — 10᠄ 00 ᠴᠠᠭ ᠲᠤ᠂ ᠪᠠᠶᠠᠨᠪᠤᠯᠠᠭ ᠪᠠᠯᠭᠠᠰᠤᠨ ᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠬᠤᠳᠠᠯᠳᠤᠭᠠᠴᠢᠨ᠂ ᠵᠣᠴᠢᠳ ᠤᠨ  ᠪᠠᠭᠤᠳᠠᠯ ᠤᠨ ᠠᠵᠢᠯᠲᠠᠳ ᠰᠠᠨᠠᠭᠠᠴᠢᠯᠠᠭ᠎ᠠ ᠠᠴᠠ ᠪᠠᠨ ᠨᠢᠭᠡ ᠤᠳᠠᠭ᠎ᠠ ᠪᠥᠭᠡᠮ ᠬᠦᠴᠢᠯ ᠤᠨ ᠥᠯᠢᠭᠡᠷ ᠠᠪᠬᠤ ᠠᠵᠢᠯᠯᠠᠭ᠎ᠠ  ᠦᠷᠨᠢᠬᠦᠯᠤᠨ᠎ᠠ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ ᠵᠠᠮ ᠢ ᠪᠢᠲᠡᠭᠦᠮᠵᠢᠯᠡᠬᠦ ᠦᠭᠡᠢ᠂ ᠦᠯᠢᠬᠡᠷ ᠠᠪᠴᠤ  ᠲᠠᠭᠤᠰᠤᠴᠢᠬᠠᠪᠠᠯ  ᠲᠠᠷᠠ ᠲᠠᠷᠤᠢ ᠳᠤᠨᠢ ᠤᠷᠤᠵᠤ ᠭᠠᠷᠴᠤ  ᠪᠤᠯᠤᠨ᠎ᠠ᠃            ᠬᠤᠶᠠᠷ᠂ ᠪᠠᠶᠠᠨᠪᠤᠯᠠᠭ ᠪᠠᠯᠭᠠᠰᠤ ᠪᠣᠯᠤᠨ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠷᠢᠳᠴᠢᠯᠠᠨ ᠬᠡᠰᠡᠭ ᠬᠤᠪᠢᠶᠠᠵᠤ ᠂ ᠳᠡᠭᠡᠷᠡᠬᠢ ᠬᠥᠮᠦᠰ  ᠲᠤ ᠴᠠᠭ ᠲᠤᠬᠠᠶ ᠳᠤᠨᠢ ᠮᠡᠳᠡᠭᠳᠡᠵᠦ᠂ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠣᠶᠢᠷ᠎ᠠ ᠬᠠᠪᠢ ᠠᠴᠠ ᠥᠯᠢᠭᠡᠷ ᠠᠪᠬᠤ ᠴᠢᠬ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠬᠢᠯᠭᠡᠵᠦ᠂ ᠪᠠᠶᠢᠴᠠᠭᠠᠬᠤ ᠴᠢᠬᠤᠯᠠᠲᠠᠶ ᠶᠢ ᠨᠢ ᠴᠥᠮ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃ ᠪᠣᠳᠠᠲᠠᠶ ᠦᠯᠢᠭᠡᠷ ᠠᠪᠬᠤ ᠭᠠᠵᠠᠷ ᠨᠢ ᠳᠣᠣᠷᠠᠬᠢ ᠮᠡᠲᠦ᠄             1. ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ︔             2. ᠪᠠᠶᠠᠨᠪᠤᠯᠠᠭ ᠪᠠᠯᠭᠠᠰᠤᠨ ᠤ ᠬᠥᠬᠡ ᠲᠩᠷᠢ ᠂  ᠨᠠᠷᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠬᠡᠨ ᠤ ᠥᠷᠲᠡᠭᠡ ︵  ᠯᠦᠩ ᠢᠤᠢ ᠪᠠᠭ᠎ᠠ ᠲᠣᠭᠤᠷᠢᠭ ᠤᠨ ᠶᠡᠭᠡ ᠡᠭᠦᠳᠡ ᠠᠴᠠ ᠬᠤᠶᠢᠰᠢ 100 ᠮᠧᠲᠷ︶︔             3. ᠪᠠᠶᠠᠨᠪᠤᠯᠠᠭ ᠪᠠᠯᠭᠠᠰᠤ ᠶᠢᠨ ᠰᠠᠶᠢᠱᠠᠩ ᠰᠢᠨ᠎ᠡ ᠲᠣᠰᠬᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠬᠡᠨ ᠤ ᠥᠷᠲᠡᠭᠡ︔             4. ᠪᠠᠶᠠᠨᠪᠤᠯᠠᠭ ᠪᠠᠯᠭᠠᠰᠤ ᠶᠢᠨ ᠬᠠᠭᠤᠴᠢᠨ ᠵᠡᠭᠡᠯᠢ ᠶᠢᠨ  ᠨᠠᠷᠠᠨ‌ᠨᠡᠶᠢᠭᠡᠮ ᠲᠣᠭᠤᠷᠢᠭ ᠤᠨ ᠬᠦᠷᠢᠶᠡᠨ ᠳᠤ ᠃             ᠭᠤᠷᠪᠠ᠂ 48 ᠴᠠᠭ ᠤᠨ ᠳᠣᠲᠣᠷ᠎ᠠ ᠰᠢᠨ᠎ᠡ ᠸᠠᠺᠼᠢᠨ ᠤ ᠲᠠᠷᠢᠯᠭ᠎ᠠ ᠬᠢᠭᠰᠡᠨ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠠᠵᠢᠯᠲᠠᠳ ᠲᠤ ᠲᠠᠷᠢᠯᠭ᠎ᠠ ᠬᠢᠭᠰᠡᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ᠂ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠵᠤ ᠪᠣᠯᠬᠤ ᠥᠬᠡᠶ᠃             ᠲᠦᠷᠪᠡ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠣᠯᠴᠠᠭᠰᠠᠨ ᠤᠯᠠᠨ ᠲᠦᠮᠡᠨ᠂ ᠠᠵᠢᠯᠳᠠᠨ ᠠᠵᠢᠯᠴᠢᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ︽ᠠᠮᠠᠪᠴᠢ ᠵᠡᠭᠦᠬᠦ᠂ ᠬᠤᠶᠠᠷ ᠮᠧᠲᠷ ᠤᠨ ᠱᠤᠭᠤᠮ ᠭᠠᠷᠭᠠᠬᠤ︾ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠵᠤ᠂ ᠨᠤᠯᠮᠤᠬᠤ ᠦᠭᠡᠢ᠂ ᠲᠠᠮᠠᠬᠢ ᠲᠠᠲᠠᠬᠤ ᠦᠭᠡᠢ᠂ ᠶᠠᠷᠢᠯᠴᠠᠬᠤ ᠦᠭᠡᠢ᠂ ᠣᠪᠣᠭᠠᠷᠠᠬᠤ ᠦᠭᠡᠢ᠂ ᠪᠥᠭᠡᠮᠨᠡᠷᠡᠬᠦ ᠦᠭᠡᠢ᠂ ᠰᠠᠭᠠᠲᠠᠬᠤ ᠦᠭᠡᠢ ᠪᠠᠶᠢᠵᠤ᠂ ᠦᠯᠢᠭᠡᠷ ᠠᠪᠴᠤ ᠪᠠᠷᠠᠭᠰᠠᠨ ᠤ ᠲᠠᠷᠠᠭ᠎ᠠ ᠳᠠᠷᠤᠶ ᠲᠦᠷᠭᠡᠨ  ᠪᠤᠴᠠᠬᠤ ᠬᠡᠷᠡᠭᠳᠠᠢ᠃               ᠲᠠᠪᠤ᠂ ᠪᠥᠭᠡᠮ ᠬᠦᠴᠢᠯ ᠤᠨ ᠥᠯᠢᠭᠡᠷ ᠠᠪᠤᠭᠰᠠᠨ ᠦᠷ᠎ᠡ ᠳ᠋ᠦᠩ ᠢ ᠸᠢᠴᠠᠲ ᠢᠶᠠᠷ ︽ᠪᠠᠶᠠᠨᠨᠠᠭᠤᠷ ᠡᠷᠡᠭᠦᠯ ᠮᠡᠨᠳᠦ ᠶᠢ ᠡᠳ᠋ᠯᠠᠬᠦ︾ ᠭᠡᠬᠦ ᠵᠢᠵᠢᠭ ᠫᠷᠤᠭ᠍ᠷᠠᠮ ᠢᠶᠠᠷ ᠪᠠᠶᠢᠴᠠᠭᠠᠨ ᠯᠠᠪᠯᠠᠵᠤ ᠪᠣᠯᠤᠨ᠎ᠠ᠂ ᠴᠠᠭᠠᠰᠤᠨ ᠮᠡᠳᠡᠭᠦᠯᠦᠯᠲᠡ ᠠᠪᠬᠤ ᠴᠢᠬᠤᠯᠠ ᠥᠬᠡᠶ᠃                               ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                    2022 ᠣᠨ ᠤ 11 ᠰᠠᠷ᠎ᠠ ᠶᠢᠨ 21  ᠤ ᠡᠳᠤᠷ
ᠢᠷᠡᠯᠲᠡ᠄ ᠲᠤᠰ ᠰᠦᠯᠵᠢᠶ᠎ᠠ