ᠤᠷᠠᠳ ᠤᠨ ᠬᠤᠶᠢᠲᠤ ᠬᠤᠰᠢᠭᠤᠨ ᠤ ᠳᠣᠯᠣᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/24
           ᠤᠷᠠᠳ ᠬᠤᠶᠢᠳᠤ ᠰᠡᠷᠭᠡᠶᠢᠯᠡᠯᠲᠡ ᠵᠢᠯᠤᠭᠤᠳᠬᠤ ᠵᠠᠷᠯᠠᠯ ﹇  2022﹈ 67 ᠳ᠋ᠤᠭᠠᠷ ᠲᠣᠭᠠᠲᠤ                 ᠤᠷᠠᠳ ᠤᠨ ᠬᠤᠶᠢᠲᠤ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 10 ᠤ ᠡᠳᠦᠷ ᠤᠷᠠᠳ ᠤᠨ ᠬᠤᠶᠢᠲᠤ ᠬᠤᠰᠢᠭᠤᠨ ᠤ ᠠᠭᠤᠯᠠᠨ ᠡᠮᠦᠨᠡᠬᠢ ᠬᠤᠶᠠᠷ ᠪᠠᠯᠭᠠᠰᠤ ︵ᠪᠠᠶᠠᠨᠪᠤᠯᠠᠭ ᠪᠠᠯᠭᠠᠰᠤ᠂  ᠬᠦᠬᠡᠨ᠋ᠦ᠋ᠠᠳᠤᠷ ᠪᠠᠯᠭᠠᠰᠤ︶᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠳᠣᠯᠣᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠪᠡ᠃ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠶᠢᠨ ᠳᠣᠤᠷ᠎ᠠ᠂ ᠪᠥᠬᠦ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠺᠠᠳ᠋ᠷ ᠵᠡᠷᠭᠡ ᠶᠢᠨ ᠰᠢᠷᠭᠠᠭᠤ  ᠠᠵᠢᠯᠯᠠᠭ᠎ᠠ‌‍ᠲ᠋ᠣᠤᠷ᠎ᠠ᠂ ᠨᠡᠶᠢᠲᠡ 49994 ᠬᠥᠮᠦᠨ ᠤ ᠥᠯᠢᠭᠡᠷ ᠡᠳ᠋ ᠠᠪᠴᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠃                 ᠨᠡᠶᠢᠭᠡᠮ ᠨᠡᠶᠢᠲᠡ ᠳᠤ ᠣᠨᠴᠠᠭᠠᠶᠢᠯᠠᠨ ᠵᠠᠷᠯᠠᠪᠠ᠃                ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠳᠤᠮᠵᠢ ᠶᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃                  ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃                      ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                  2022 ᠣᠨ ᠤ 11 ᠰᠠᠷ᠎ᠠ ᠶᠢᠨ 10 ᠤ  ᠡᠳᠤᠷ
ᠢᠷᠡᠯᠲᠡ᠄ ᠲᠤᠰ ᠰᠦᠯᠵᠢᠶ᠎ᠠ