ᠤᠷᠠᠳ ᠤᠨ ᠬᠤᠶᠢᠲᠤ ᠬᠤᠰᠢᠭᠤᠨ ᠤ ᠭᠤᠣᠯᠳᠠᠯᠭ᠎ᠠ ᠲᠠᠢ ᠣᠷᠣᠨ  ᠪᠦᠰᠠ ᠶᠢᠨ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/29
                    ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ ﹇2022﹈ 89 ᠳ᠋ᠤᠬᠡᠷ ᠲᠣᠭᠠᠲᠤ                   ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 28 ᠤ ᠡᠳᠦᠷ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤ ᠶᠢᠨ 5 ᠨᠡᠶᠢᠭᠡᠮ ᠲᠣᠭᠤᠷᠢᠭ ︵ᠯᠠᠨ ᠲᠢᠶᠠᠨ ᠨᠡᠶᠢᠭᠡᠮ ᠲᠣᠭᠤᠷᠢᠭ᠂ ᠨᠠᠷᠠᠨ ᠨᠡᠶᠢᠭᠡᠮ ᠲᠣᠭᠤᠷᠢᠭ᠂ ᠴᠠᠭᠠᠨ ᠡᠬᠦᠯᠨ ᠨᠡᠶᠢᠭᠡᠮ ᠲᠣᠭᠤᠷᠢᠭ᠂ ᠾᠦᠢ ᠮᠢᠨ ᠨᠡᠶᠢᠭᠡᠮ ᠲᠣᠭᠤᠷᠢᠭ᠂ ᠰᠠᠢ ᠱᠠᠩ ᠨᠡᠶᠢᠭᠡᠮ ᠲᠣᠭᠤᠷᠢᠭ︶᠂ ᠠᠭᠤᠯᠠᠨ ᠡᠮᠦᠨᠡᠬᠢ 9 ᠭᠠᠴᠠᠭ᠎ᠠ ᠲᠣᠰᠬᠤᠨ ︵ᠳ᠋ᠦᠩ ᠱᠧᠩ ᠲᠣᠰᠬᠤᠨ᠂ ᠲᠤᠸᠠᠨ ᠵᠢᠶᠧ ᠲᠣᠰᠬᠤᠨ᠂ ᠶᠢᠦ ᠯᠢᠶᠠᠨ ᠲᠣᠰᠬᠤᠨ᠂ ᠰᠠᠨ ᡁᠢ ᠴᠢᠦᠶ ᠲᠣᠰᠬᠤᠨ᠂ ᠡᠤ ᡁᠢ ᠴᠢᠦᠶ ᠲᠣᠰᠬᠤᠨ᠂ ᠮᠧᠩ ᠬᠠᠨ ᠲᠣᠰᠬᠤᠨ᠂ ᠤᠯᠠᠭᠠᠨ ᠭᠠᠴᠠᠭ᠎ᠠ᠂ ᠪᠤᠯᠠᠭ ᠭᠠᠴᠠᠭ᠎ᠠ᠂ ᠨᠠᠷᠠᠨ ᠠᠭᠤᠯᠨ  ᠭᠠᠴᠠᠭ᠎ᠠ︶  ᠳᠤ᠂  ᠬᠦᠬᠡᠨ᠋ᠦ᠋ᠠᠳᠤᠷ ᠪᠠᠯᠭᠠᠰᠤ ᠶᠢᠨ 3 ᠨᠡᠶᠢᠭᠡᠮ ᠲᠣᠭᠤᠷᠢᠭ᠂ ᠠᠭᠤᠯᠠᠨ ᠡᠮᠦᠨᠡᠬᠢ 6 ᠭᠠᠴᠠᠭ᠎ᠠ ︵ᠰᠢᠨ ᠵᠢᠶᠧ ᠨᠡᠶᠢᠭᠡᠮ ᠲᠣᠭᠤᠷᠢᠭ᠂ ᠰᠢᠨ ᠯᠢ ᠨᠡᠶᠢᠭᠡᠮ ᠲᠣᠭᠤᠷᠢᠭ᠂ ᠰᠢᠨ ᠬᠤᠶ ᠨᠡᠶᠢᠭᠡᠮ ᠲᠣᠭᠤᠷᠢᠭ᠂ ᠤᠯᠠᠭᠠᠨᠬᠤᠰᠢᠭᠤ ᠭᠠᠴᠠᠭ᠎ᠠ᠂  ᠨᠠᠷᠬᠠᠦ᠋ᠪᠦᠷ ᠭᠠᠴᠠᠭ᠎ᠠ᠂ ᠪᠠᠷᠠᠭᠤᠨ ᠪᠤᠯᠤᠩ ᠭᠠᠴᠠᠭ᠎ᠠ᠂ ᠭᠤᠸᠠᠩ ᠯᠢᠨ ᠲᠣᠰᠬᠤᠨ᠂ ᠳ᠋ᠠ  ᠱᠤ᠋ ᠸᠠᠨ ᠲᠣᠰᠬᠤᠨ᠂  ᠬᠤᠩ ᠴᠢ ᠲᠣᠰᠬᠤᠨ︶᠂  ᠤᠦ ᠶᠢᠨ ᠭᠤᠤᠯ ᠰᠤᠮᠤ ᠶᠢᠨ 5 ᠭᠠᠴᠠᠭ᠎ᠠ ︵  ᠾᠧ ᠹᠧᠩ ᠲᠣᠰᠬᠤᠨ᠂ ᠪᠠᠶᠠᠨᠨᠠᠭᠤᠷ ᠭᠠᠴᠠᠭ᠎ᠠ᠂ ᠪᠠᠶᠠᠨᠲᠠᠯ᠎ᠠ ᠭᠠᠴᠠᠭ᠎ᠠ᠂  ᠬᠦᠬᠡ ᠭᠠᠴᠠᠭ᠎ᠠ᠂  ᠪᠠᠶᠠᠨ  ᠠᠭᠤᠯᠨ ᠭᠠᠴᠠᠭ᠎ᠠ︶᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠠᠵᠤ ᠠᠬᠤᠶᠢᠯᠠᠯ ᠤᠳ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ  ᠦᠷᠨᠢᠬᠦᠯᠪᠠ᠃  ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠶᠢᠨ ᠳᠣᠤᠷ᠎ᠠ᠂ ᠪᠥᠬᠦ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠺᠠᠳ᠋ᠷ ᠵᠡᠷᠭᠡ ᠶᠢᠨ ᠰᠢᠷᠭᠠᠭᠤ ᠬᠠᠲᠠᠭᠤᠵᠢᠯᠲᠠᠶ ᠠᠵᠢᠯ ᠤᠨ ᠳᠣᠤᠷ᠎ᠠ᠂ ᠨᠡᠶᠢᠲᠡ 51336 ᠬᠥᠮᠦᠨ ᠤ ᠥᠯᠢᠭᠡᠷ ᠡᠳ᠋ ᠠᠪᠬᠤ ᠶᠢ ᠪᠡᠶᠡᠯᠡᠭᠦᠯᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠣᠯᠵᠠᠶ᠃              ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ  ᠪᠦᠳᠤᠮᠵᠢ  ᠶᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠲᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃              ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃                       ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ         2022 ᠣᠨ ᠤ 11 ᠰᠠᠷ᠎ᠠ ᠶᠢᠨ 28 ᠤ
ᠢᠷᠡᠯᠲᠡ᠄ ᠲᠤᠰ ᠰᠦᠯᠵᠢᠶ᠎ᠠ