ᠤᠷᠠᠳ ᠤᠨ ᠬᠤᠶᠢᠲᠤ ᠬᠤᠰᠢᠭᠤᠨ ᠤ ᠭᠤᠣᠯᠳᠠᠯᠭ᠎ᠠ ᠲᠠᠢ ᠣᠷᠣᠨ  ᠪᠦᠰᠠ ᠶᠢᠨ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/30
             ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ ﹇2022﹈ 90  ᠳ᠋ᠤᠬᠡᠷ ᠲᠣᠭᠠᠲᠤ                  ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 29 ᠤ ᠡᠳᠦᠷ ᠤᠷᠠᠳ ᠤᠨ ᠬᠤᠶᠢᠲᠤ ᠬᠤᠰᠢᠭᠤᠨ ᠤ ᠬᠢᠨ ᠪᠠᠶᠠᠨᠪᠤᠯᠠᠭ ᠪᠠᠯᠭᠠᠰᠤ  ᠪᠤᠯᠤᠨ ᠴᠤᠬᠠᠦ᠋ᠨᠳᠤᠷ ᠪᠠᠯᠭᠠᠰᠤ᠂  ᠬᠦᠬᠡᠴᠤ ᠰᠤᠮᠤ ᠪᠤᠯᠤᠨ  ᠪᠠᠶᠠᠨᠴᠢᠨᠳᠠᠮᠤᠨᠢ ᠰᠤᠮᠤ ᠵᠡᠷᠭᠡ ᠬᠡᠪᠴᠢᠶᠡᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠡᠶ᠃ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠶᠢᠨ ᠳᠣᠤᠷ᠎ᠠ᠂ ᠪᠥᠬᠦ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠺᠠᠳ᠋ᠷ ᠵᠡᠷᠭᠡ ᠶᠢᠨ ᠰᠢᠷᠭᠠᠭᠤ ᠬᠠᠲᠠᠭᠤᠵᠢᠯᠲᠠᠶ ᠠᠵᠢᠯ ᠤᠨ ᠳᠣᠤᠷ᠎ᠠ᠂ ᠨᠡᠶᠢᠲᠡ 41497 ᠬᠥᠮᠦᠨ ᠤ ᠥᠯᠢᠭᠡᠷ ᠡᠳ᠋ ᠠᠪᠴᠤ᠂  ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠣᠯᠵᠠᠶ᠃                ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠳᠤᠮᠵᠢ ᠶᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠳ᠋ᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃              ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃                  ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                      2022 ᠣᠨ ᠤ 11 ᠰᠠᠷ᠎ᠠ ᠶᠢᠨ 29
ᠢᠷᠡᠯᠲᠡ᠄ ᠲᠤᠰ ᠰᠦᠯᠵᠢᠶ᠎ᠠ