ᠭᠤᠤᠯᠳᠠᠯᠭ᠎ᠠ ᠲᠠᠢ ᠭᠠᠵᠠᠷ ᠣᠷᠣᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ᠶᠢ ᠥᠷᠨᠢᠭᠦᠯᠬᠦ ᠲᠤᠬᠠᠶ ᠤᠷᠠᠳ ᠤᠨ ᠬᠤᠶᠢᠲᠤ ᠬᠤᠰᠢᠭᠤᠨ ᠤ ᠵᠠᠷᠯᠠᠯ
ᠨᠡᠶᠢᠲᠡᠯᠡᠭᠰᠡᠨ ᠴᠠᠭ᠄
2022/12/1
               ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ ﹇2022﹈ 91  ᠳ᠋ᠤᠬᠡᠷ ᠲᠣᠭᠠᠲᠤ                       ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠤᠰᠠᠳᠠ᠂ ᠬᠤᠰᠢᠭᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 11 ᠰᠠᠷ᠎ᠠ ᠶᠢᠨ 30 ᠤ ᠡᠳᠦᠷ ᠪᠠ 12 ᠰᠠᠷ᠎ᠠ ᠶᠢᠨ 1 ᠤ ᠡᠳᠦᠷ᠂ ᠭᠤᠤᠯᠳᠠᠯᠭ᠎ᠠ ᠲᠠᠢ ᠭᠠᠵᠠᠷ ᠣᠷᠣᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃                   ᠨᠢᠭᠡ᠂ ᠡᠳᠦᠷ ᠪᠦᠷᠢ ᠶᠢᠨ 7᠄ 00 ᠠᠴᠠ ᠡᠬᠢᠯᠡᠨ᠎ᠡ᠃  ᠪᠠᠶᠠᠨᠪᠤᠯᠠᠭ ᠪᠠᠯᠭᠠᠰᠤ ᠶᠢᠨ 5 ᠨᠡᠶᠢᠭᠡᠮ ᠲᠣᠭᠤᠷᠢᠭ ︵ᠯᠠᠨ ᠲᠢᠶᠠᠨ ᠨᠡᠶᠢᠭᠡᠮ ᠲᠣᠭᠤᠷᠢᠭ᠂ ᠨᠠᠷᠠᠨ ᠨᠡᠶᠢᠭᠡᠮ ᠲᠣᠭᠤᠷᠢᠭ᠂ ᠴᠠᠭᠠᠨ ᠡᠬᠦᠯᠨ ᠨᠡᠶᠢᠭᠡᠮ ᠲᠣᠭᠤᠷᠢᠭ᠂ ᠾᠦᠢ ᠮᠢᠨ ᠨᠡᠶᠢᠭᠡᠮ ᠲᠣᠭᠤᠷᠢᠭ᠂ ᠰᠠᠢ ᠱᠠᠩ ᠨᠡᠶᠢᠭᠡᠮ ᠲᠣᠭᠤᠷᠢᠭ︶᠂ ᠠᠭᠤᠯᠠᠨ ᠡᠮᠦᠨᠡᠬᠢ 9 ᠭᠠᠴᠠᠭ᠎ᠠ ᠲᠣᠰᠬᠤᠨ ︵ᠳ᠋ᠦᠩ ᠱᠧᠩ ᠲᠣᠰᠬᠤᠨ᠂ ᠲᠤᠸᠠᠨ ᠵᠢᠶᠧ ᠲᠣᠰᠬᠤᠨ᠂ ᠶᠢᠦ ᠯᠢᠶᠠᠨ ᠲᠣᠰᠬᠤᠨ᠂ ᠰᠠᠨ ᡁᠢ ᠴᠢᠦᠶ ᠲᠣᠰᠬᠤᠨ᠂ ᠡᠤ ᡁᠢ ᠴᠢᠦᠶ ᠲᠣᠰᠬᠤᠨ᠂ ᠮᠧᠩ ᠬᠠᠨ ᠲᠣᠰᠬᠤᠨ᠂ ᠤᠯᠠᠭᠠᠨ ᠭᠠᠴᠠᠭ᠎ᠠ᠂ ᠪᠤᠯᠠᠭ ᠭᠠᠴᠠᠭ᠎ᠠ᠂ ᠨᠠᠷᠠᠨ ᠠᠭᠤᠯᠨ  ᠭᠠᠴᠠᠭ᠎ᠠ︶  ᠳᠤ᠂  ᠬᠦᠬᠡᠨ᠋ᠦ᠋ᠠᠳᠤᠷ ᠪᠠᠯᠭᠠᠰᠤ ᠶᠢᠨ 3 ᠨᠡᠶᠢᠭᠡᠮ ᠲᠣᠭᠤᠷᠢᠭ᠂ ᠠᠭᠤᠯᠠᠨ ᠡᠮᠦᠨᠡᠬᠢ 6 ᠭᠠᠴᠠᠭ᠎ᠠ ︵ᠰᠢᠨ ᠵᠢᠶᠧ ᠨᠡᠶᠢᠭᠡᠮ ᠲᠣᠭᠤᠷᠢᠭ᠂ ᠰᠢᠨ ᠯᠢ ᠨᠡᠶᠢᠭᠡᠮ ᠲᠣᠭᠤᠷᠢᠭ᠂ ᠰᠢᠨ ᠬᠤᠶ ᠨᠡᠶᠢᠭᠡᠮ ᠲᠣᠭᠤᠷᠢᠭ᠂ ᠤᠯᠠᠭᠠᠨᠬᠤᠰᠢᠭᠤ ᠭᠠᠴᠠᠭ᠎ᠠ᠂  ᠨᠠᠷᠬᠠᠦ᠋ᠪᠦᠷ ᠭᠠᠴᠠᠭ᠎ᠠ᠂ ᠪᠠᠷᠠᠭᠤᠨ ᠪᠤᠯᠤᠩ ᠭᠠᠴᠠᠭ᠎ᠠ᠂ ᠭᠤᠸᠠᠩ ᠯᠢᠨ ᠲᠣᠰᠬᠤᠨ᠂ ᠳ᠋ᠠ  ᠱᠤ᠋ ᠸᠠᠨ ᠲᠣᠰᠬᠤᠨ᠂  ᠬᠤᠩ ᠴᠢ ᠲᠣᠰᠬᠤᠨ︶᠂  ᠤᠦ ᠶᠢᠨ ᠭᠤᠤᠯ ᠰᠤᠮᠤ ᠶᠢᠨ 5 ᠭᠠᠴᠠᠭ᠎ᠠ ︵  ᠾᠧ ᠹᠧᠩ ᠲᠣᠰᠬᠤᠨ᠂ ᠪᠠᠶᠠᠨᠨᠠᠭᠤᠷ ᠭᠠᠴᠠᠭ᠎ᠠ᠂ ᠪᠠᠶᠠᠨᠲᠠᠯ᠎ᠠ ᠭᠠᠴᠠᠭ᠎ᠠ᠂  ᠬᠦᠬᠡ ᠭᠠᠴᠠᠭ᠎ᠠ᠂  ᠪᠠᠶᠠᠨ  ᠠᠭᠤᠯᠨ ᠭᠠᠴᠠᠭ᠎ᠠ︶᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠠᠵᠤ ᠠᠬᠤᠶᠢᠯᠠᠯ ᠤᠳ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ᠃              ᠬᠤᠶᠠᠷ᠂ ᠪᠠᠶᠢᠴᠠᠭᠠᠨ  ᠬᠡᠮᠵᠢᠬᠦ ᠬᠤᠭᠤᠴᠠᠭᠠᠨ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠰᠤᠮᠤ ᠪᠠᠯᠭᠠᠰᠤ ᠶᠢᠨ ᠬᠤᠭᠤᠷᠣᠨᠳᠣ ᠰᠢᠯᠵᠢᠬᠦ ᠥᠬᠡᠶ᠂ ᠰᠠᠭᠤᠭᠠᠯᠢ ᠠᠷᠠᠳ ᠰᠠᠭᠤᠭᠠᠯᠢ ᠲᠣᠭᠤᠷᠢᠭ ᠠᠴᠠ ᠭᠠᠷᠬᠤ ᠦᠭᠡᠢ᠂ ᠠᠵᠤ ᠠᠬᠤᠶᠢᠯᠠᠯ  ᠲᠤ ᠪᠢᠳᠠᠬᠦᠮᠵᠢᠯᠡᠭᠰᠠᠨ ᠬᠠᠮᠢᠶᠠᠷᠤᠯᠳᠠ ᠶᠢ ᠬᠡᠷᠡᠭᠵᠢᠬᠦᠯᠵᠤ᠂ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠲᠡᠷᠭᠡ ᠬᠥᠰᠬᠡ ᠪᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠡᠷᠭᠡ ᠬᠥᠰᠬᠡ ᠠᠴᠠ ᠪᠤᠰᠤᠳ ᠶᠠᠮᠠᠷᠪᠠ ᠲᠡᠷᠭᠡ ᠬᠥᠰᠬᠡ᠂ ᠬᠥᠮᠦᠨ ᠣᠷᠣᠵᠤ ᠭᠠᠷᠴᠤ ᠪᠣᠯᠬᠤ ᠥᠬᠡᠶ᠂ ᠦᠳᠡ ᠶᠢᠨ ᠬᠤᠶᠢᠨᠠᠬᠢ 3 ᠴᠠᠭ ᠲᠤ ᠪᠥᠭᠡᠮ ᠬᠦᠴᠢᠯ ᠤᠨ ᠦᠷ᠎ᠡ ᠳ᠋ᠦᠩ ᠢ ᠨᠡᠶᠢᠲᠡᠯᠡᠭᠰᠡᠨ ᠤ ᠳᠠᠷᠠᠭ᠎ᠠ᠂ ᠲᠣᠰ ᠣᠷᠣᠨ ᠪᠦᠰᠡ ᠶᠢᠨ ᠳᠣᠲᠣᠷ᠎ᠠ ᠡᠮᠬᠢ ᠵᠢᠷᠤᠮ ᠲᠠᠢ ᠪᠠᠷ ᠰᠢᠯᠵᠢᠵᠦ᠂ ᠰᠤᠮᠤ ᠪᠠᠯᠭᠠᠰᠤ ᠶᠢᠨ ᠣᠷᠣᠨ ᠠᠯᠤᠰᠯᠠᠨ ᠰᠢᠯᠵᠢᠬᠦ ᠶᠢ ᠴᠠᠭᠠᠵᠠᠯᠠᠨ᠎ᠠ᠃              ᠭᠤᠷᠪᠠ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠲᠡᠮᠳᠡᠭᠯᠡᠬᠦ ᠬᠤᠶᠠᠷ ᠬᠡᠮᠵᠢᠯᠳᠦ ᠺᠣᠳ᠋  ᠶᠢᠨ ᠮᠡᠳᠡᠭᠡ ᠵᠠᠩᠬᠢ ᠪᠠᠨ ᠲᠠᠬᠯᠠᠵᠤ᠂ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠵᠡᠷᠭᠡ ᠬᠦᠴᠦᠨ ᠲᠠᠢ ᠦᠨᠡᠮᠯᠡᠯ  ᠢᠶᠠᠨ ᠠᠪᠴᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠰᠤᠮᠤ ᠪᠠᠯᠭᠠᠰᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ᠂ ᠥᠯᠢᠭᠡᠷ ᠠᠪᠬᠤ ᠴᠢᠬ ᠤᠨ ᠠᠵᠢᠯᠲᠠᠨ ᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ ᠳᠠᠭᠠᠵᠤ᠂ ᠮᠡᠳᠡᠭᠳᠡᠭᠰᠡᠨ ᠴᠠᠭ ᠤᠨ ᠶᠣᠰᠣᠭᠠᠷ ᠵᠢᠭᠠᠨ ᠲᠣᠭᠲᠠᠭᠠᠭᠰᠠᠨ ᠥᠯᠢᠭᠡᠷ ᠠᠪᠬᠤ ᠴᠢᠬ ᠲᠤ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠬᠡᠷᠡᠭᠲᠡᠶ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠮᠡᠳᠡᠭᠡ ᠵᠠᠩᠭᠢ ᠶᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ᠂ ᠥᠯᠢᠭᠡᠷ ᠠᠪᠬᠤ ᠠᠵᠢᠯ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠥᠮᠦᠰ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠴᠢᠷ ᠰᠢᠯᠲᠠᠭᠠᠨ ᠥᠬᠡᠶ ᠪᠠᠷ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠥᠬᠡᠶ ᠬᠥᠮᠦᠰ ᠲᠤ ᠴᠥᠮ ᠰᠢᠷ᠎ᠠ ᠺᠣᠳ᠋ ᠣᠯᠭᠤᠨ᠎ᠠ᠃                   ᠳᠥᠷᠪᠡ᠂ 48 ᠴᠠᠭ ᠤᠨ ᠳᠣᠲᠣᠷ᠎ᠠ ᠰᠢᠨ᠎ᠡ ᠸᠠᠺᠼᠢᠨ ᠤ ᠲᠠᠷᠢᠯᠭ᠎ᠠ ᠬᠢᠭᠰᠡᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠮᠡᠳᠡᠭᠦᠯᠬᠦ ᠶᠢᠨ ᠬᠠᠮᠲᠤ ᠲᠠᠷᠢᠯᠭ᠎ᠠ ᠶᠢᠨ ᠭᠡᠷᠡᠴᠢ ᠪᠠᠨ ᠬᠠᠩᠭᠠᠬᠤ ᠬᠡᠷᠡᠭᠲᠡᠶ᠂ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠥᠬᠡᠶ᠃  ᠬᠦᠨᠳᠤ ᠡᠪᠡᠳᠴᠢᠲᠡᠨ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠲᠤ᠂  ᠬᠥᠳᠡᠯᠵᠦ ᠪᠠᠷᠢᠬᠤ ᠳᠤ ᠳᠥᠭᠦᠮ ᠦᠭᠡᠢ᠂ ᠪᠡᠶ᠎ᠡ ᠪᠠᠨ ᠳᠠᠭᠠᠭᠠᠵᠤ ᠳᠡᠶᠢᠯᠬᠦ ᠥᠬᠡᠶ ᠰᠠᠭᠤᠭᠠᠯᠢ ᠠᠷᠠᠳ ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠬᠤ ᠥᠬᠡᠶ᠃ ᠭᠡᠷ ᠲᠡᠭᠡᠨ ᠲᠤᠰᠠᠭᠠᠷᠯᠠᠵᠤ  ᠪᠠᠶᠢᠭ᠎ᠠ ᠬᠥᠮᠦᠰ ᠠᠵᠢᠯᠲᠠᠳ ᠤᠨ ᠭᠡᠷ ᠲᠤᠨᠢ ᠬᠦᠷᠴᠦ ᠦᠯᠢᠭᠡᠷ ᠠᠪᠬᠤ ᠶᠢ ᠬᠦᠯᠢᠶᠡᠨ᠎ᠡ᠃              ᠲᠠᠪᠤ᠂ ᠪᠣᠶ ᠪᠥᠬᠦᠶ ᠬᠤᠳᠠᠯᠳᠤᠭᠠᠴᠢᠨ ᠡᠷᠦᠬᠡ ᠣᠶᠢᠷ᠎ᠠ ᠬᠠᠪᠢ ᠶᠢᠨ ᠵᠢᠵᠢᠭ ᠲᠣᠭᠤᠷᠢᠭ᠂ ᠨᠡᠶᠢᠭᠡᠮ ᠲᠣᠭᠤᠷᠢᠭ ᠤᠨ ᠥᠯᠢᠭᠡᠷ ᠡᠳ᠋ ᠠᠪᠬᠤ ᠭᠠᠵᠠᠷ ᠲᠤ ᠬᠦᠷᠴᠦ ᠥᠯᠢᠭᠡᠷ ᠡᠳ᠋ ᠠᠪᠬᠤ ᠳᠤ ᠣᠷᠣᠯᠴᠠᠵᠤ᠂ ᠵᠣᠴᠢᠳ ᠤᠨ ᠪᠠᠭᠤᠳᠠᠯ ᠪᠠ ᠪᠠᠭᠤᠳᠠᠯ ᠳᠤ ᠬᠤᠨᠣᠬᠤ ᠬᠥᠮᠦᠰ ᠢ ᠪᠢᠲᠡᠭᠦᠮᠵᠢᠯᠡᠨ ᠬᠠᠮᠢᠶᠠᠷᠴᠤ᠂  ᠪᠠᠭᠤᠳᠠᠯ  ᠳᠤᠨᠢ ᠬᠦᠷᠴᠦ ᠥᠯᠢᠭᠡᠷ ᠡᠳ᠋ ᠠᠪᠬᠤ ᠶᠢ ᠬᠡᠷᠡᠭᠵᠢᠭᠦᠯᠦᠨ᠎ᠡ᠃             ᠵᠢᠷᠭᠤᠭ᠎ᠠ᠂ ᠪᠥᠭᠡᠮ ᠬᠦᠴᠢᠯ ᠤᠨ  ᠪᠠᠶᠢᠴᠠᠭᠠᠯᠳᠠ ᠳᠤ ᠣᠷᠣᠯᠴᠠᠬᠤ ᠠᠵᠢᠯᠲᠠᠨ ᠭᠡᠷᠡᠴᠢ ᠲᠡᠮᠳᠡᠭ ᠢᠶᠠᠷ ᠠᠵᠢᠯ ᠤᠨ ᠪᠠᠶᠢᠷᠢ ᠳᠤ ᠭᠠᠷᠴᠤ ᠠᠵᠢᠯᠯᠠᠬᠤ ᠬᠡᠷᠡᠭᠲᠡᠶ᠂ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠴᠠᠭ ᠲᠤᠬᠠᠶ ᠳᠤᠨᠢ ᠰᠠᠭᠤᠭ᠎ᠠ ᠭᠠᠵᠠᠷ ᠲᠠᠭᠠᠨ ᠪᠤᠴᠠᠵᠤ ᠬᠡᠷ ᠲᠡᠭᠡᠨ ᠰᠠᠭᠤᠬᠤ ᠬᠡᠷᠡᠭᠲᠡᠶ᠂ ᠪᠤᠰᠤᠳ ᠭᠠᠵᠠᠷ ᠲᠤ ᠣᠴᠢᠵᠤ ᠰᠢᠯᠵᠢᠬᠦ ᠶᠢ ᠴᠠᠭᠠᠵᠠᠯᠠᠨ᠎ᠠ᠃                 ᠲᠤᠯᠤᠭ᠎ᠠ᠂ ᠬᠢᠵᠢᠭ ᠤᠨ ᠲᠠᠷᠬᠠᠵᠤ ᠳᠡᠯᠭᠡᠷᠡᠬᠦ ᠶᠢ ᠡᠷᠲᠡᠬᠡᠨ ᠬᠢᠵᠠᠭᠠᠷᠯᠠᠵᠤ᠂ ᠪᠥᠭᠡᠮ ᠬᠦᠴᠢᠯ  ᠤᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠡᠷᠲᠡᠬᠡᠨ ᠭᠠᠷᠭᠠᠬᠤ ᠶᠢᠨ ᠲᠤᠰᠠᠳᠠ᠂ ᠥᠷᠭᠡᠨ ᠤᠯᠠᠨ ᠰᠠᠭᠤᠭᠠᠯᠢ ᠠᠷᠠᠳ‌ᠨᠡᠶᠢᠭᠡᠮ ᠲᠣᠭᠤᠷᠢᠭ ᠲᠠᠢ ᠢᠳᠡᠪᠬᠢᠲᠡᠶ ᠬᠠᠮᠵᠢᠯᠴᠠᠨ ᠴᠠᠭ ᠲᠤᠬᠠᠶ  ᠳᠤ ᠦᠯᠢᠭᠡᠷ ᠠᠪᠬᠤ ᠴᠢᠬᠤᠯᠳᠠᠢ᠃ ᠦᠯᠢᠭᠡᠷ ᠠᠪᠴᠤ ᠪᠠᠷᠠᠭᠰᠠᠨ ᠤ ᠳᠠᠷᠠᠭ᠎ᠠ ᠨᠢᠭᠡᠨᠲᠡ ᠴᠤᠭᠯᠠᠭᠤᠯᠤᠭᠰᠠᠨ ᠲᠡᠮᠳᠡᠭ ᠢ ᠣᠯᠭᠤᠨ᠎ᠠ᠃             ᠨᠠᠢᠮᠨ᠂ ᠪᠥᠭᠡᠮ ᠬᠦᠴᠢᠯ ᠤᠨ ᠥᠯᠢᠭᠡᠷ ᠠᠪᠤᠭᠰᠠᠨ ᠦᠷ᠎ᠡ ᠳ᠋ᠦᠩ ᠢ ᠸᠢᠴᠠᠲ ᠢᠶᠠᠷ ︽ᠪᠠᠶᠠᠨᠨᠠᠭᠤᠷ ᠤᠨ ᠡᠷᠡᠭᠦᠯ ᠮᠡᠨᠳᠦ ᠶᠢ ᠡᠳ᠋ᠯᠡᠨ᠎ᠡ︾ ᠭᠡᠬᠦ ᠵᠢᠵᠢᠭ ᠫᠷᠤᠭ᠍ᠷᠠᠮ ᠢᠶᠠᠷ ᠪᠠᠶᠢᠴᠠᠭᠠᠨ ᠯᠠᠪᠯᠠᠵᠤ ᠪᠣᠯᠤᠨ᠎ᠠ᠂ ᠴᠠᠭᠠᠰᠤᠨ ᠮᠡᠳᠡᠭᠦᠯᠦᠯᠲᠡ ᠠᠪᠬᠤ ᠴᠢᠬᠤᠯᠠ ᠥᠬᠡᠶ᠃                ᠣᠶᠢᠷ᠎ᠠ ᠶᠢᠨ ᠬᠤᠭᠤᠴᠠᠭᠠᠨ ᠳᠤ ᠲᠩᠷᠢ  ᠬᠦᠢᠳᠡᠷᠠᠵᠤ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠬᠤᠪᠴᠠᠰᠤ ᠬᠤᠨᠠᠷ ᠨᠡᠮᠡᠬᠦ ᠶᠢ ᠠᠩᠬᠠᠷᠴᠤ᠂ ᠳᠤᠯᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠭᠡᠷᠡᠶ᠃ ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠡᠮᠵᠢᠨ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ᠂ ᠲᠠᠨ ᠳᠤ ᠳᠥᠭᠦᠮ ᠦᠭᠡᠢ ᠪᠣᠯᠭᠠᠪᠠ᠂ ᠠᠭᠤᠴᠢᠯᠠᠬᠤ ᠪᠣᠯᠪᠠᠤ︕                     ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                               2022 ᠣᠨ ᠤ 11 ᠰᠠᠷ᠎ᠠ ᠶᠢᠨ 29
ᠢᠷᠡᠯᠲᠡ᠄ ᠲᠤᠰ ᠰᠦᠯᠵᠢᠶ᠎ᠠ