ᠤᠷᠠᠳ ᠤᠨ ᠬᠤᠶᠢᠲᠤ ᠬᠤᠰᠢᠭᠤᠨ ᠤ 2022 ᠣᠨ ᠤ ᠭᠤᠤᠯ ᠪᠣᠯᠬᠤ ᠠᠮᠤ ᠪᠤᠳᠠᠭᠠᠨ ᠤ ᠲᠠᠷᠢᠮᠠᠯ  ᠢ  ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2022/12/13
            ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠭᠰᠠᠨ ᠬᠤᠷᠢᠶᠠᠯᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠡᠷᠳᠡᠨᠢ ᠰᠢᠰᠢ᠂ ᠪᠤᠭᠤᠳᠠᠶ᠂ ᠰᠢᠷ᠎ᠠ ᠪᠤᠷᠴᠠᠭ ᠤᠨ ᠲᠠᠷᠢᠮᠠᠯ ᠤᠨ ᠮᠠᠰᠢᠨᠴᠢᠯᠠᠭᠰᠠᠨ ᠬᠤᠷᠢᠶᠠᠯᠲᠠ ᠶᠢᠨ ᠭᠤᠭᠴᠤᠭ᠎ᠠ ᠳᠠᠬᠢ ᠬᠤᠬᠢᠷᠠᠯ ᠢ ᠪᠠᠭᠠᠰᠬᠠᠬᠤ ᠶᠢᠨ ᠲᠥᠯᠥᠭᠡ᠂ ᠮᠠᠰᠢᠨᠴᠢᠯᠠᠭᠰᠠᠨ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠨᠠᠷᠢᠨ ᠠᠳᠬᠤᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ︽ᠮᠠᠰᠢᠨ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠶᠠᠪᠤᠳᠠᠯ ᠢ ᠠᠮᠤ ᠪᠤᠳᠠᠭᠠᠨ ᠤ ᠦᠢᠯᠡᠳᠪᠤᠷᠢᠯᠠᠯ ᠤᠨ ᠮᠠᠰᠢᠨᠴᠢᠯᠠᠯᠲᠠ ᠶᠢᠨ ᠭᠤᠤᠯ ᠠᠵᠢᠯ ᠪᠣᠯᠭᠠᠵᠤ ᠴᠥᠬᠦᠷᠡᠰᠢ ᠥᠬᠡᠶ ᠪᠠᠶᠢᠩᠭᠤ ᠠᠳᠬᠤᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠠᠷᠢᠶᠠᠯᠠᠩ ᠠᠯᠪᠠᠨ 〔 2021〕 10 ᠳ᠋ᠤᠭᠠᠷ ᠲᠣᠭᠠᠲᠤ︶ ᠪᠠ ︽︿2022 ᠣᠨ ᠤ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠮᠠᠰᠢᠨ ᠬᠤᠷᠢᠶᠠᠯᠲᠠ ᠶᠢᠨ ᠬᠤᠬᠢᠷᠠᠯ ᠢ ᠬᠢᠨᠠᠨ ᠬᠡᠮᠵᠢᠵᠦ ᠪᠠᠶᠢᠴᠠᠭᠠᠬᠤ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠠᠷᠬᠠᠭᠠᠭᠰᠠᠨ 〔 2022〕 340 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃                 ᠨᠢᠭᠡ᠂ ᠠᠵᠢᠯ ᠤᠨ ᠬᠠᠷᠠᠯᠲᠠ              ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠮᠡᠷᠭᠡᠵᠢᠯ ᠵᠡᠷᠭᠡ ᠡᠯ᠎ᠡ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠤᠰᠤᠨ ᠲᠤᠲᠤᠷᠭ᠎ᠠ᠂ ᠡᠷᠳᠡᠨᠢ ᠰᠢᠰᠢ᠂ ᠪᠤᠭᠤᠳᠠᠢ᠂ ᠰᠢᠷ᠎ᠠ ᠪᠤᠷᠴᠠᠭ᠂ ᠰᠢᠯᠢᠮᠳᠡᠭ ᠵᠡᠷᠭᠡ ᠠᠮᠤ ᠪᠤᠳᠠᠭ᠎ᠠ ᠪᠣᠯᠤᠨ ᠲᠣᠰᠣᠯᠢᠭ ᠲᠠᠷᠢᠮᠠᠯ ᠤᠨ ᠮᠠᠰᠢᠨ ᠢᠶᠠᠷ ᠬᠤᠷᠢᠶᠠᠭᠰᠠᠨ ᠳᠤᠮᠳᠠᠴᠢ ᠬᠤᠬᠢᠷᠠᠯ ᠤᠨ ᠨᠤᠷᠮ᠎ᠠ ᠶᠢ ᠤᠳᠤ ᠶᠢᠨ ᠬᠡᠷᠡᠭᠵᠢᠭᠦᠯᠵᠦ ᠪᠠᠶᠢᠭ᠎ᠠ ᠠᠵᠢᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠬᠤᠯᠪᠣᠭᠳᠠᠯ ᠪᠥᠬᠦᠢ ᠲᠠᠷᠢᠮᠠᠯ ᠤᠨ ᠮᠠᠰᠢᠨ ᠤ ᠬᠤᠷᠢᠶᠠᠯᠲᠠ ᠶᠢᠨ ᠬᠤᠬᠢᠷᠠᠯ  ᠢ ᠪᠠᠭᠠᠰᠬᠠᠬᠤ ᠮᠡᠷᠭᠡᠵᠢᠯ  ᠤᠨ ᠵᠢᠯᠣᠭᠤᠳᠬᠤ ᠰᠠᠨᠠᠯ  ᠲᠤ ᠵᠠᠰᠠᠪᠤᠷᠢ ᠣᠷᠣᠭᠤᠯᠬᠤ ᠶᠢ ᠦᠨᠳᠦᠰᠦᠯᠡᠨ᠂ ᠠᠵᠢᠯ  ᠤᠨ  ᠬᠠᠷᠠᠯᠲᠠ ᠪᠠᠨ ᠴᠠᠭ ᠲᠤᠬᠠᠶ ᠲᠤᠨᠢ ᠲᠣᠬᠢᠷᠠᠭᠤᠯᠤᠨ ᠰᠢᠨᠡᠳᠬᠡᠬᠦ ᠬᠡᠷᠡᠭᠲᠡᠶ᠃             ︵ᠨᠢᠭᠡ︶ ᠪᠤᠭᠤᠳᠠᠢ ᠶᠢᠨ ᠮᠠᠰᠢᠨ ᠢᠶᠠᠷ ᠬᠤᠷᠢᠶᠠᠭᠰᠠᠨ ᠶᠡᠷᠦᠩᠬᠡᠶ ᠬᠤᠬᠢᠷᠠᠯ  ᠤᠨ ᠨᠤᠷᠮ᠎ᠠ ᠨᠢ ≤2.0% ᠪᠣᠯᠤᠨ᠎ᠠ᠃             ︵ᠬᠤᠶᠠᠷ︶ ᠡᠷᠳᠡᠨᠢ ᠰᠢᠰᠢ  ᠵᠢᠮᠢᠰ  ᠶᠢ ᠮᠠᠰᠢᠨ ᠢᠶᠠᠷ ᠬᠤᠷᠢᠶᠠᠭᠰᠠᠨ ᠶᠡᠷᠦᠩᠬᠡᠶ ᠬᠤᠬᠢᠷᠠᠯ ᠤᠨ ᠨᠣᠷᠮ᠎ᠠ ᠨᠢ ≤ 3.5%᠂ ᠦᠷ᠎ᠡ ᠶᠢᠨ ᠮᠥᠬᠦᠯᠢᠭ ᠢ ᠮᠠᠰᠢᠨ ᠢᠶᠠᠷ ᠬᠤᠷᠢᠶᠠᠭᠰᠠᠨ ᠶᠡᠷᠦᠩᠬᠡᠶ ᠬᠤᠬᠢᠷᠠᠯ ᠤᠨ ᠨᠣᠷᠮ᠎ᠠ ᠨᠢ ≤ 4% ᠪᠣᠯᠤᠨ᠎ᠠ᠃             ︵ᠭᠤᠷᠪᠠ︶ ᠰᠢᠷ᠎ᠠ ᠪᠤᠷᠴᠠᠭ ᠤᠨ ᠬᠠᠮ ᠬᠤᠷᠢᠶᠠᠬᠤ ᠮᠠᠰᠢᠨ ᠢᠶᠠᠷ ᠬᠤᠷᠢᠶᠠᠭᠰᠠᠨ ᠬᠤᠬᠢᠷᠠᠯ ᠤᠨ ᠨᠣᠷᠮ᠎ᠠ ᠨᠢ ≤5 %᠂ ᠬᠡᠰᠡᠭ ᠬᠤᠪᠢᠶᠠᠨ ᠬᠤᠷᠢᠶᠠᠬᠤ ᠮᠠᠰᠢᠨ ᠢᠶᠠᠷ ᠬᠤᠷᠢᠶᠠᠭᠰᠠᠨ ᠶᠡᠷᠦᠩᠬᠡᠶ ᠬᠤᠬᠢᠷᠠᠯ ᠤᠨ ᠨᠣᠷᠮ᠎ᠠ ᠨᠢ ≤3% ᠪᠣᠯᠤᠨ᠎ᠠ᠃              ᠬᠤᠶᠠᠷ᠂ ᠠᠵᠢᠯ  ᠤᠨ ᠲᠣᠭᠲᠠᠴᠠ             ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠪᠦᠭᠦ ᠬᠤᠰᠢᠭᠤᠨ ᠤ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠮᠠᠰᠢᠨ ᠢᠶᠠᠷ ᠬᠤᠷᠢᠶᠠᠬᠤ ᠬᠤᠬᠢᠷᠠᠯ ᠢ ᠪᠠᠭᠠᠰᠬᠠᠬᠤ ᠠᠵᠢᠯ ᠤᠨ ᠲᠥᠰᠦᠯ ᠢ ᠲᠣᠭᠲᠠᠭᠠᠬᠤ ᠶᠢ ᠬᠠᠷᠢᠭᠤᠴᠠᠵᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠠᠴᠠ ᠮᠡᠷᠭᠡᠵᠢᠯ ᠤᠨ ᠵᠢᠯᠤᠭᠤᠳᠤᠯᠭ᠎ᠠ ᠶᠢ ᠬᠠᠷᠢᠭᠤᠴᠠᠵᠤ᠂ ᠶᠡᠭᠡ ᠤᠬᠠᠭᠤᠯᠭ᠎ᠠ᠂ ᠶᠡᠭᠡ ᠪᠣᠯᠪᠠᠰᠤᠷᠠᠯ᠂ ᠶᠡᠭᠡ ᠮᠥᠷᠦ᠋ᠢᠴᠡᠭᠡᠨ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠵᠤ᠂ ᠮᠠᠰᠢᠨ ᠢᠶᠠᠷ ᠬᠤᠷᠢᠶᠠᠭᠰᠠᠨ ᠬᠤᠬᠢᠷᠠᠯ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠤᠷᠢᠶᠠᠬᠤ ᠭᠤᠭᠴᠤᠭ᠎ᠠ᠂ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃                 ᠭᠤᠷᠪᠠ᠂ ᠠᠵᠢᠯᠯᠠᠬᠤ ᠳᠤᠭᠤᠶᠢᠯᠠᠩ              ᠳᠤᠭᠤᠶᠢᠯᠠᠩ ᠤᠨ ᠳᠠᠷᠤᠭ᠎ᠠ᠄   ᠵᠢᠷᠠᠨᠲᠦ᠋ᠷᠪᠠ     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ              ᠳᠡᠳ᠋ ᠳᠤᠭᠤᠶᠢᠯᠠᠩ ᠤᠨ ᠳᠠᠷᠤᠭ᠎ᠠ᠄ ᠴᠧᠨ ᠵᠢᠶᠠᠨ ᠮᠢᠨ    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ              ᠸᠠᠩ ᠶᠦᠩ     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ              ᠷᠧᠨ ᠴᠠᠩ ᠴᠢᠤᠸᠠᠨ     ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ  ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ               ᠪᠦᠷᠢᠯᠳᠦᠬᠦᠨ᠄            ᠹᠦ᠋ ᠴᠧᠩ ᠢ       ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠶ᠋ᠯᠡᠴᠢᠯᠡᠭᠡᠨ ᠤ ᠲᠥᠪ ᠤᠨ ᠡᠷᠬᠢᠯᠡᠭᠴᠢ               ᠭᠤᠤ ᠪᠦᠦ ᠫᠢᠩ    ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠲᠠᠷᠢᠮᠠᠯ ᠤᠨ ᠦᠢᠯᠡᠰ ᠤᠨ ᠲᠠᠰᠤᠭ ᠤᠨ ᠳᠠᠷᠤᠭ᠎ᠠ              ᠵᠤᠤ ᠵᠢᠶᠠᠨ ᠵᠢᠶᠦ᠋ᠨ    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ  ᠦᠢᠯᠠᠴᠢᠯᠡᠬᠡᠨ ᠤ ᠲᠦᠪ ᠤᠨ ᠲᠡᠳ᠋ ᠡᠷᠬᠢᠯᠡᠭᠴᠢ             ᠸᠠᠩ ᠭᠠᠩ        ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ  ᠦᠢᠯᠡᠰ ᠤᠨ ᠬᠥᠭᠵᠢᠯᠲᠡ ᠶᠢᠨ ᠲᠥᠪ ᠤᠨ ᠠᠮᠤ ᠪᠤᠳᠠᠭ᠎ᠠ ᠦᠷ᠎ᠡ ᠶᠢᠨ  ᠦᠢᠯᠡᠰ ᠤᠨ ᠲᠠᠰᠤᠭ ᠤᠨ ᠳᠠᠷᠤᠭ᠎ᠠ              ᠢᠦᠶ ᠶᠣᠣ ᠪᠥᠸᠧ     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ  ᠦᠢᠯᠡᠴᠢᠯᠡᠬᠡᠨ ᠤ  ᠲᠦᠪ ᠤᠨ ᠠᠵᠢᠯᠳᠠᠨ             ᠹᠦ᠋ ᠶᠠᠨ ᠴᠢᠨ      ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠬᠡᠨ ᠤ ᠲᠥᠪ ᠤᠨ ᠲᠤᠬᠠᠶᠢᠯᠠᠭᠰᠠᠨ ᠠᠵᠢᠯᠲᠠᠨ               ᠶᠠᠨ ᠰᠢᠶᠠ       ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠬᠡᠨ ᠤ  ᠲᠦᠪ ᠤᠨ ᠠᠵᠢᠯᠳᠠᠨ              ᠳᠥᠷᠪᠡ᠂ ᠠᠵᠢᠯ ᠤᠨ ᠠᠷᠭ᠎ᠠ ᠬᠡᠮᠵᠢᠶ᠎ᠡ              ︵ᠨᠢᠭᠡ︶ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠭᠤᠣᠯ ᠪᠣᠯᠬᠤ ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠶᠢᠨ ᠴᠢᠬᠤᠯᠠ ᠠᠴᠢ ᠬᠤᠯᠪᠣᠭᠳᠠᠯ ᠪᠠ ᠠᠵᠢᠯ ᠤᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠮᠠᠰᠢᠨᠴᠢ ᠶᠢ ᠬᠥᠲᠥᠯᠥᠨ ᠵᠢᠯᠣᠭᠤᠳᠴᠤ ᠪᠠᠶᠢᠭᠠᠳ ︽ᠬᠤᠬᠢᠷᠠᠯ ᠢ ᠪᠠᠭᠠᠰᠬᠠᠬᠤ ᠪᠣᠯ ᠳᠠᠷᠤᠶ ᠭᠠᠷᠤᠯᠲᠠ ᠶᠢ ᠨᠡᠮᠡᠭᠳᠡᠭᠦᠯᠬᠦ︾ ᠤᠬᠠᠮᠰᠠᠷ ᠢ ᠪᠠᠲᠤᠳᠬᠠᠵᠤ᠂ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠠᠵᠢᠯᠯᠠᠭᠠᠨ ᠤ ᠵᠢᠷᠤᠮᠵᠢᠯ ᠢ ᠡᠵᠡᠮᠰᠢᠭᠦᠯᠵᠦ᠂ ᠬᠤᠷᠢᠶᠠᠯᠲᠠ ᠶᠢᠨ ᠬᠤᠬᠢᠷᠠᠯ ᠤᠨ ᠱᠠᠭᠠᠷᠳᠠᠯᠭ᠎ᠠ ᠶᠢ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠲᠡᠭᠦᠨ ᠢ ᠥᠷᠭᠡᠨ ᠤᠯᠠᠨ ᠮᠠᠰᠢᠨᠴᠢ ᠶᠢᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃ ᠡᠷᠳᠡᠨᠢ ᠰᠢᠰᠢ᠂ ᠪᠤᠭᠤᠳᠠᠢ᠂ ᠰᠢᠷ᠎ᠠ ᠪᠤᠷᠴᠠᠭ ᠤᠨ ᠮᠠᠰᠢᠨᠴᠢᠯᠠᠭᠰᠠᠨ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠮᠡᠷᠭᠡᠵᠢᠯ ᠤᠨ ᠵᠢᠯᠣᠭᠤᠳᠬᠤ ᠰᠠᠨᠠᠯ ︵ᠳᠠᠭᠠᠯᠳᠤᠭᠤᠯᠤᠯ 1᠂ 2᠂ 3︶ ᠢ ᠢᠳᠡᠪᠬᠢᠲᠡᠶ ᠪᠠᠷ ᠤᠬᠠᠭᠤᠯᠤᠨ ᠲᠤᠤᠱᠯᠠᠭᠤᠯᠵᠤ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠴᠠᠭ ᠲᠤᠬᠠᠶ ᠳᠤᠨᠢ ᠳ᠋ᠦᠩᠨᠡᠨ ᠤᠬᠠᠭᠤᠯᠵᠤ᠂ ᠥᠷᠭᠡᠨ ᠤᠯᠠᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠭᠴᠢ ᠪᠠ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠬᠢᠷᠠᠯ ᠢ ᠪᠠᠭᠠᠰᠬᠠᠬᠤ ᠮᠡᠷᠭᠡᠵᠢᠯ ᠢ ᠬᠡᠷᠡᠭᠯᠡᠬᠦ ᠤᠬᠠᠮᠰᠠᠷᠲᠤ ᠴᠢᠨᠠᠷ ᠪᠠ ᠢᠳᠡᠪᠬᠢᠵᠢᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠲᠧᠯᠸᠢᠰ ᠷᠠᠳᠢᠤ᠋ ᠨᠡᠪᠲᠡᠷᠡᠭᠦᠯᠭᠡ᠂ ᠰᠣᠨᠢᠨ ᠰᠡᠳᠬᠦᠯ᠂ ᠰᠦᠯᠵᠢᠶᠡᠨ ᠥᠷᠳᠡᠭᠡ᠂ ᠰᠢᠨ᠎ᠡ ᠵᠠᠭᠤᠴᠢᠯᠠᠭᠤᠷ᠂  ᠢᠯᠨ ᠪᠢᠴᠢᠭ ᠵᠡᠷᠭᠡ ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ᠂ ᠠᠳᠠᠯᠢ ᠪᠤᠰᠤ ᠲᠠᠷᠢᠮᠠᠯ ᠬᠤᠷᠢᠶᠠᠬᠤ ᠤᠯᠠᠷᠢᠯ ᠤᠨ ᠶᠣᠰᠣᠭᠠᠷ᠂ ᠭᠤᠣᠯ ᠪᠣᠯᠬᠤ ᠠᠮᠤ ᠪᠤᠳᠠᠭ᠎ᠠ ᠪᠣᠯᠤᠨ ᠲᠣᠰᠣᠯᠢᠭ ᠲᠠᠷᠢᠮᠠᠯ  ᠢ ᠮᠠᠰᠢᠨ ᠢᠶᠠᠷ ᠬᠤᠷᠢᠶᠠᠬᠤ ᠴᠢᠬᠤᠯᠠ ᠠᠵᠢᠯᠯᠠᠭ᠎ᠠ ᠶᠢ ᠤᠬᠠᠭᠤᠯᠤᠨ᠂ ᠮᠠᠰᠢᠨ ᠢᠶᠠᠷ ᠬᠤᠷᠢᠶᠠᠵᠤ ᠬᠤᠬᠢᠷᠠᠯ  ᠢ  ᠪᠠᠭᠠᠰᠬᠠᠬᠤ ᠠᠵᠢᠯ ᠢ ᠴᠢᠩᠭᠠᠳᠬᠠᠬᠤ ᠬᠡᠷᠡᠭᠳᠠᠢ᠃               ︵ᠬᠤᠶᠠᠷ︶ ᠶᠡᠭᠡ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠦᠨ᠎ᠡ᠃ ᠲᠤᠬᠠᠶ ᠶᠢᠨ ᠲᠠᠯᠠᠪᠤᠷ ᠤᠨ ᠬᠤᠷᠠᠯ᠂ ᠪᠣᠯᠪᠠᠰᠤᠷᠠᠭᠤᠯᠤᠯ ᠤᠨ ᠠᠩᠭᠢ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨᠴᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠰᠢᠨᠴᠢ ᠶᠢᠨ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯᠯᠠᠭᠠᠨ ᠤ ᠮᠡᠷᠭᠡᠵᠢᠯ ᠴᠢᠳᠠᠪᠤᠷᠢ ᠶᠢ ᠴᠢᠩᠭᠠᠷᠠᠭᠤᠯᠤᠨ᠂ ᠮᠠᠰᠢᠨᠴᠢ ᠶᠢᠨ ᠲᠠᠷᠢᠶᠠᠨ ᠭᠠᠵᠠᠷ ᠤᠨ ᠠᠵᠢᠯᠯᠠᠭᠠᠨ ᠤ ᠪᠣᠳᠠᠲᠠᠶ ᠪᠣᠯᠪᠠᠰᠤᠷᠠᠭᠤᠯᠤᠯ ᠢ ᠰᠠᠶᠢᠲᠤᠷ ᠬᠢᠵᠦ᠂ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠰᠠᠶᠢᠲᠤᠷ ᠵᠢᠯᠣᠭᠤᠳᠬᠤ ᠶᠢ ᠰᠠᠶᠢᠲᠤᠷ ᠬᠢᠵᠦ᠂ ᠰᠠᠭᠠᠳ ᠲᠣᠳᠬᠠᠷ ᠢ ᠴᠠᠭ ᠲᠤᠬᠠᠶ ᠳᠤᠨᠢ ᠠᠷᠢᠯᠭᠠᠵᠤ᠂ ᠬᠠᠮᠤᠭ ᠤᠨ ᠰᠠᠶᠢᠨ ᠪᠠᠶᠢᠳᠠᠯ ᠢᠶᠠᠷ ᠮᠠᠰᠢᠨ ᠢᠶᠠᠷ ᠬᠤᠷᠢᠶᠠᠬᠤ ᠠᠵᠢᠯ ᠳᠤ ᠣᠷᠣᠭᠤᠯᠬᠤ ᠬᠡᠷᠡᠭᠲᠡᠶ᠃ ᠲᠠᠷᠢᠶᠠᠯᠠᠩ ᠤᠨ ᠮᠠᠰᠢᠨ ᠤ ᠬᠤᠷᠰᠢᠶ᠎ᠠ ᠵᠡᠷᠭᠡ ᠨᠡᠶᠢᠭᠡᠮᠴᠢᠯᠡᠭᠰᠡᠨ  ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠲᠠᠷᠢᠶᠠᠯᠠᠩ ᠤᠨ ᠮᠠᠰᠢᠨ ᠤ ᠨᠢᠭᠡᠳᠦᠭᠡᠷ ᠹᠷᠣᠨᠲ ᠤᠨ ︽ᠨᠤᠲᠤᠭ ᠤᠨ ᠮᠡᠷᠭᠡᠵᠢᠯᠲᠡᠨ︾ ᠵᠡᠷᠭᠡ ᠲᠤᠰᠬᠠᠶᠢᠵᠢᠭᠰᠠᠨ ᠬᠦᠴᠦᠨ ᠢ ᠬᠡᠷᠡᠭᠯᠡᠨ᠂ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤᠨᠢ ᠵᠢᠯᠣᠭᠤᠳᠤᠨ ᠪᠣᠯᠪᠠᠰᠤᠷᠠᠭᠤᠯᠬᠤ ᠠᠵᠢᠯ ᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠡᠪ ᠤᠨ ᠶᠣᠰᠣᠭᠠᠷ ᠠᠵᠢᠯᠯᠠᠬᠤ ᠨᠥᠬᠦᠴᠡᠯ ᠳᠣᠤᠷᠠᠬᠢ ᠭᠤᠤᠯ ᠪᠣᠯᠬᠤ ᠠᠮᠤ ᠪᠤᠳᠠᠭ᠎ᠠ ᠪᠣᠯᠤᠨ ᠲᠣᠰᠣᠯᠢᠭ ᠲᠠᠷᠢᠮᠠᠯ ᠤᠨ ᠮᠠᠰᠢᠨ ᠢᠶᠠᠷ ᠬᠤᠷᠢᠶᠠᠭᠰᠠᠨ ᠬᠤᠬᠢᠷᠠᠯ ᠤᠨ ᠨᠣᠷᠮ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃              ︵ᠭᠤᠷᠪᠠ︶  ᠡᠷᠳᠡᠮ ᠮᠥᠷᠦ᠋ᠢᠴᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠮᠥᠷᠦ᠋ᠢᠴᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ᠂ ᠲᠤᠬᠠᠢ ᠶᠢᠨ ᠭᠠᠵᠠᠷ ᠲᠤᠨᠢ ᠤᠢᠢᠷ᠎ᠠ ᠬᠠᠪᠢ ᠳᠤᠨᠢ ᠪᠠᠶᠢᠬᠤ᠂ ᠮᠠᠰᠢᠨ ᠪᠠᠭᠠᠵᠢ ᠶᠢ ᠥᠪᠡᠷ ᠢᠶᠠᠨ ᠪᠡᠯᠡᠳᠬᠡᠬᠦ᠂ ᠭᠠᠵᠠᠷ ᠰᠢᠷᠣᠢ ᠶᠢ ᠥᠪᠡᠷ ᠢᠶᠠᠨ ᠲᠣᠭᠲᠠᠭᠠᠬᠤ ᠵᠠᠷᠴᠢᠮ ᠶᠣᠰᠣᠭᠠᠷ ᠶᠠᠪᠤᠭᠳᠠᠭᠤᠯᠵᠤ᠂ ᠮᠠᠰᠢᠨᠴᠢ ᠶᠢᠨ ᠳᠠᠷᠤᠭᠠᠰᠤ ᠶᠢ ᠨᠡᠮᠡᠭᠳᠡᠭᠦᠯᠬᠦ ᠦᠭᠡᠢ᠃ ᠪᠤᠭᠤᠳᠠᠢ ᠶᠢ ︽ᠪᠤᠭᠤᠳᠠᠢ ᠶᠢᠨ ᠮᠠᠰᠢᠨᠴᠢᠯᠠᠭᠰᠠᠨ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠮᠡᠷᠭᠡᠵᠢᠯ ᠤᠨ ᠵᠢᠯᠣᠭᠤᠳᠬᠤ ᠰᠠᠨᠠᠯ︾ ᠤᠨ ᠲᠦᠭᠦᠮ ᠬᠡᠮᠵᠢᠨ ᠲᠤᠷᠰᠢᠬᠤ ᠠᠷᠭ᠎ᠠ ᠪᠠᠷ ᠬᠤᠬᠢᠷᠠᠯ ᠢ ᠬᠡᠮᠵᠢᠵᠦ᠂ ᠡᠷᠳᠡᠨᠢ ᠰᠢᠰᠢ ᠶᠢ ︽ᠡᠷᠳᠡᠨᠢ ᠰᠢᠰᠢ ᠶᠢᠨ ᠮᠠᠰᠢᠨ ᠢᠶᠠᠷ ᠬᠤᠷᠢᠶᠠᠭᠰᠠᠨ ᠬᠤᠬᠢᠷᠠᠯ ᠤᠨ ᠨᠤᠷᠮ᠎ᠠ ᠶᠢ ᠲᠦᠭᠦᠮ ᠬᠡᠮᠵᠢᠨ ᠲᠣᠭᠲᠠᠭᠠᠬᠤ ᠠᠷᠭ᠎ᠠ︾ ᠪᠠᠷ ᠬᠤᠬᠢᠷᠠᠯ ᠢ ᠬᠡᠮᠵᠢᠨ᠎ᠡ᠃ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠮᠥᠷᠦ᠋ᠢᠴᠡᠭᠡᠨ ᠥᠷᠨᠢᠭᠦᠯᠬᠦ ᠪᠠᠷ ᠳᠠᠮᠵᠢᠭᠤᠯᠤᠨ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨᠴᠢ ᠶᠢ ᠬᠥᠲᠥᠯᠦᠨ ᠵᠢᠯᠣᠭᠤᠳᠴᠤ ᠪᠠᠶᠢᠭᠠᠳ  ᠦᠢᠯᠡᠳᠪᠤᠷᠢᠯᠠᠯ ᠤᠨ  ᠦᠢᠯᠡᠳᠤᠯᠬᠡ ᠳᠤᠮᠳᠠ ᠨᠠᠷᠢᠯᠢᠭ ᠠᠵᠢᠯᠯᠠᠭᠤᠯᠬᠤ᠂ ᠮᠡᠷᠭᠡᠵᠢᠯ ᠴᠢᠳᠠᠪᠤᠷᠢ ᠲᠠᠢ ᠠᠳᠠᠯᠢᠳᠬᠠᠬᠤ᠂ ᠴᠤᠭ ᠵᠢᠪᠬᠤᠭ᠎ᠠ ᠪᠠᠨ ᠪᠠᠳᠠᠷᠠᠭᠤᠯᠬᠤ᠂ ᠬᠤᠪᠢ ᠨᠡᠮᠡᠷᠢ ᠪᠠᠨ ᠦᠵᠡᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠠᠷᠢᠶᠠᠯᠠᠩ ᠤᠨ ᠮᠠᠰᠢᠨᠴᠢ ᠶᠢᠨ ᠠᠳᠠᠯᠢᠳᠬᠠᠨ ᠰᠤᠷᠬᠤ ᠬᠥᠭᠡᠭᠡᠵᠦ ᠬᠦᠢᠴᠡᠬᠦ ᠳᠠᠪᠠᠵᠤ ᠭᠠᠷᠬᠤ᠂ ᠪᠥᠬᠦ ᠨᠡᠶᠢᠭᠡᠮ ᠢᠶᠠᠷ ᠢᠶᠠᠨ ᠬᠤᠷᠢᠶᠠᠯᠲᠠ ᠶᠢᠨ ᠬᠤᠬᠢᠷᠠᠯ ᠢ ᠪᠠᠭᠠᠰᠬᠠᠬᠤ ᠶᠢ ᠠᠩᠬᠠᠷᠤᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ᠤᠷᠠᠳ ᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                               2022 ᠣᠨ ᠤ 9 ᠰᠠᠷ᠎ᠠ ᠶᠢᠨ 5  
ᠢᠷᠡᠯᠲᠡ᠄ ᠲᠤᠰ ᠰᠦᠯᠵᠢᠶ᠎ᠠ