| | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 | ᠳ᠋ᠤᠭᠠᠷ ᠰᠠᠷ᠎ᠠ ᠶᠢᠨ 13 ᠤ ᠡᠳᠦᠷ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ ᠂ ᠭᠤᠣᠯᠳᠠᠯᠭ᠎ᠠ ᠲᠠᠢ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ ᠪᠢᠳᠡ | ᠬᠠᠮᠲᠤ ᠪᠠᠷ ᠣᠶᠢᠯᠠᠭᠠᠵᠠᠭᠠᠶ᠎ᠠ —— | ᠵᠢᠷᠮᠦᠰᠦᠨ ᠬᠥᠩᠭᠡᠵᠢᠭᠰᠡᠨ ᠡᠬᠡᠴᠦᠳ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ | ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ | ᠪᠣᠢ︖ | ᠤᠯᠤᠰ ᠤᠨ ᠳᠣᠲᠣᠭᠠᠳᠤ ᠳᠠᠬᠢ ᠪᠦᠬᠦ ᠤᠯᠤᠰ ᠤᠨ | ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ | ᠪᠠ ᠣᠯᠠᠨ ᠤᠯᠤᠰ ᠤᠨ ᠮᠡᠳᠡᠭᠡᠯᠡᠯ ᠠᠴᠠ ᠦᠵᠡᠪᠡᠯ ᠂ ᠵᠢᠷᠮᠦᠰᠦᠨ | ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠬᠡᠢ ᠳᠤ ᠪᠠᠨ | ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ ᠂ | ᠡᠪᠡᠳᠴᠢᠨ ᠤ ᠶᠠᠪᠤᠴᠠ ᠶᠢᠨ ᠪᠠᠶᠢᠳᠠᠯ ᠨᠢ ᠪᠦᠷ ᠡᠩ ᠤᠨ | ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ ᠃ | ᠡᠪᠡᠳᠴᠢᠨ ᠤ ᠢᠯᠡᠷᠡᠯ ᠨᠢ ᠭᠤᠣᠯᠳᠠᠭᠤ ᠠᠮᠢᠰᠬᠤᠯ ᠤᠨ ᠳᠡᠭᠡᠳᠦ | ᠵᠠᠮ ᠤᠨ ᠬᠠᠯᠳᠠᠪᠤᠷᠢᠯᠠᠯ ᠪᠣᠯᠣᠨ᠎ᠠ ᠂ ᠵᠢᠱᠢᠶᠡᠯᠡᠪᠡᠯ | ᠬᠠᠨᠢᠶᠠᠯᠭᠠᠬᠤ ᠂ ᠬᠤᠭᠤᠯᠠᠢ ᠡᠪᠡᠳᠬᠦ ᠂ ᠨᠠᠶᠢᠲᠠᠭᠠᠬᠤ ᠂ | ᠬᠠᠮᠠᠷ ᠪᠢᠲᠡᠭᠦᠷᠡᠬᠦ ᠂ ᠨᠢᠰᠤ ᠭᠤᠭᠤᠵᠢᠬᠤ ᠂ ᠪᠦᠬᠦ ᠪᠡᠶ᠎ᠡ | ᠱᠠᠷᠬᠢᠷᠠᠨ ᠡᠪᠡᠳᠬᠦ ᠂ ᠬᠠᠯᠠᠭᠤᠷᠠᠬᠤ ᠵᠡᠷᠭᠡ ᠢᠯᠡᠷᠡᠯ ᠲᠠᠢ ᠂ | ᠬᠦᠨᠳᠦ ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ ᠂ | ᠡᠶᠢᠮᠦ ᠠᠴᠠ ᠠᠶᠤᠨ ᠰᠠᠨᠳᠤᠷᠤᠭᠰᠠᠨ ᠤ ᠬᠡᠷᠡᠭ ᠦᠭᠡᠢ ᠂ | ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 | ᠡᠳᠦᠷ ᠪᠣᠯᠣᠨ᠎ᠠ ᠃ ᠣᠳᠣᠬᠠᠨ ᠤ ᠪᠠᠶᠢᠳᠠᠯ ᠠᠴᠠ ᠦᠵᠡᠪᠡᠯ ᠂ | ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ | ᠸᠢᠷᠦ᠋ᠰ ᠤᠨ ᠰᠠᠭᠤᠷᠢ ᠨᠢ ᠵᠢᠭᠠᠬᠠᠨ ᠠᠳᠠᠯᠢ ᠦᠭᠡᠢ ᠪᠠᠶᠢᠵᠤ ᠂ | ᠤᠮᠠᠷᠠᠲᠤ ᠣᠷᠣᠨ ᠳᠤ ᠵᠢᠭᠠᠬᠠᠨ ᠬᠠᠭᠤᠷᠠᠢ ᠂ ᠠᠭᠤᠷ ᠠᠮᠢᠰᠬᠤᠯ | ᠨᠡᠯᠢᠶᠡᠳ ᠬᠦᠢᠲᠡᠨ ᠂ ᠡᠪᠡᠳᠴᠢᠨ ᠤ ᠪᠠᠶᠢᠳᠠᠯ ᠨᠢ | ᠬᠠᠷᠢᠴᠠᠩᠭᠤᠢ ᠬᠦᠨᠳᠦ ᠂ ᠭᠡᠪᠡᠴᠦ ᠡᠪᠡᠳᠴᠢᠨ ᠤ ᠶᠠᠪᠤᠴᠠ ᠨᠢ | ᠦᠨᠳᠦᠰᠦᠨ ᠳᠤ ᠪᠠᠨ 5 ᠠᠴᠠ 7 ᠡᠳᠦᠷ ᠪᠠᠶᠢᠳᠠᠭ ᠂ ᠣᠨᠴᠠ ᠵᠠᠷᠢᠮ | ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ ᠰᠠᠭᠤᠷᠢ | ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ ᠂ ᠵᠢᠱᠢᠶᠡᠯᠡᠪᠡᠯ | ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ ᠂ | ᠴᠢᠰᠤᠨ ᠳᠠᠷᠤᠯᠲᠠ ᠥᠨᠳᠥᠷ ᠂ ᠰᠢᠬᠢᠷ ᠰᠢᠵᠢᠩ ᠡᠪᠡᠳᠴᠢᠨ ᠲᠠᠢ | ᠪᠠᠶᠢᠪᠠᠯ ᠂ ᠡᠳᠡᠭᠡᠷ ᠬᠥᠮᠥᠰ ᠴᠠᠭ ᠲᠤᠬᠠᠢ ᠳᠤ ᠨᠢ | ᠡᠮᠨᠡᠭᠦᠯᠬᠦ ᠬᠡᠷᠡᠭᠲᠡᠢ ᠃ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ | ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ | ᠨᠥᠯᠥᠭᠡᠯᠡᠨ᠎ᠡ ᠤᠤ︖ | ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠬᠡᠪᠡᠯᠢ ᠳᠠᠬᠢ | ᠬᠡᠦᠬᠡᠳ ᠲᠤ ᠬᠠᠯᠳᠠᠪᠤᠷᠢᠯᠠᠬᠤ ᠦᠭᠡᠢ ᠂ ᠤᠴᠢᠷ ᠨᠢ ᠡᠬᠡ ᠶᠢᠨ | ᠪᠡᠶ᠎ᠡ ᠳᠤ ᠢᠬᠡᠰ ᠭᠡᠬᠦ ᠮᠠᠰᠢ ᠰᠠᠶᠢᠨ ᠬᠠᠮᠠᠭᠠᠯᠠᠯᠲᠠ ᠶᠢᠨ | ᠬᠠᠯᠬᠠᠪᠴᠢ ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ | ᠪᠠᠷᠤᠭ ᠬᠠᠯᠳᠠᠪᠤᠷᠢᠯᠠᠬᠤ ᠦᠭᠡᠢ ᠶᠤᠮ ᠃ ᠭᠡᠪᠡᠴᠦ | ᠬᠥᠩᠭᠡᠵᠢᠭᠰᠡᠨ ᠤ ᠳᠠᠷᠠᠭ᠎ᠠ ᠡᠵᠢ ᠨᠢ ᠬᠡᠦᠬᠡᠳ ᠲᠠᠢ ᠪᠠᠨ | ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ ᠂ | ᠡᠵᠢ ᠨᠢ ᠣᠷᠣᠨ ᠵᠠᠢ ᠶᠢᠨ ᠲᠠᠯ᠎ᠠ ᠪᠠᠷ ᠨᠢᠷᠠᠢ | ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ | ᠪᠤᠶᠤ N95ᠠᠮᠠᠪᠴᠢ ᠵᠡᠭᠦᠪᠡᠯ ᠡᠬᠡ ᠶᠢᠨ ᠰᠦ ᠪᠠᠨ ᠬᠥᠬᠦᠭᠦᠯᠵᠦ | ᠪᠣᠯᠣᠨ᠎ᠠ᠃ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠪᠤᠶᠤ | ᠬᠠᠭᠤᠷᠠᠢ ᠪᠠᠷ ᠬᠠᠨᠢᠶᠠᠯᠭᠠᠬᠤ ᠡᠪᠡᠳᠴᠢᠨ ᠤ ᠢᠯᠡᠷᠡᠯ | ᠭᠠᠷᠪᠠᠯ ᠶᠠᠭᠠᠬᠢᠪᠠᠯ ᠵᠣᠬᠢᠬᠤ ᠪᠣᠢ︖ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠂ | ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ | ᠵᠠᠮ ᠤᠨ ᠡᠪᠡᠳᠴᠢᠨ ᠤ ᠢᠯᠡᠷᠡᠯ ᠭᠠᠷᠬᠤ ᠦᠶ᠎ᠡ ᠳᠤ ᠂ ᠪᠥᠭᠡᠮ | ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ | ᠪᠠᠶᠢᠴᠠᠭᠠᠯᠲᠠ ᠬᠢᠵᠦ ᠂ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠮᠥᠨ ᠡᠰᠡᠬᠦ ᠶᠢ ᠲᠣᠳᠣᠯᠠᠵᠤ ᠪᠣᠯᠣᠨ᠎ᠠ ᠂ | ᠡᠶᠢᠮᠦ ᠠᠴᠠ ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ | ᠬᠢᠪᠡᠯ ᠨᠡᠩ ᠲᠥᠬᠦᠮ ᠪᠠᠶᠢᠳᠠᠭ ᠂ ᠭᠡᠪᠡᠴᠦ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ | ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ | ᠬᠡᠮᠵᠢᠶ᠎ᠡ ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ ᠂ | ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ | ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ | ᠬᠢᠲᠠᠳ ᠡᠮ ᠢ ᠰᠣᠩᠭᠤᠵᠤ ᠡᠪᠡᠳᠴᠢᠨ ᠤ ᠢᠯᠡᠷᠡᠯ ᠳᠤ ᠨᠢ | ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ ᠃ | ᠬᠡᠷᠪᠡ ᠬᠠᠯᠠᠭᠤᠨ ᠢ ᠪᠠᠭᠤᠷᠠᠭᠤᠯᠬᠤ ᠡᠸᠦ᠋ᠷᠦᠫᠡ ᠡᠮ ᠢ | ᠬᠡᠷᠡᠭᠯᠡᠬᠦ ᠳᠤ ᠂ 38.5 ᠭᠷᠡᠳᠦ᠋ᠰ ᠠᠴᠠ ᠳᠡᠭᠡᠭᠰᠢ ᠪᠠᠶᠢᠪᠠᠯ | ᠫᠠᠷᠠᠽᠧᠲ᠋ᠠᠮᠣᠯ ᠢ ᠰᠣᠩᠭᠤᠨ ᠬᠡᠷᠡᠭᠯᠡᠵᠦ ᠪᠣᠯᠣᠨ᠎ᠠ ᠂ | ᠡᠨᠡ ᠨᠢ ᠵᠢᠷᠮᠦᠰᠦᠨ ᠬᠥᠩᠭᠡᠵᠢᠭᠰᠡᠨ ᠡᠬᠡᠴᠦᠳ ᠲᠤ | ᠬᠠᠷᠢᠴᠠᠩᠭᠤᠢ ᠠᠶᠤᠯ ᠦᠭᠡᠢ ᠪᠠᠶᠢᠳᠠᠭ ᠂ ᠣᠨᠴᠠᠭᠠᠶᠢᠯᠠᠨ | ᠠᠩᠬᠠᠷᠤᠭᠤᠰᠢᠲᠠᠢ ᠵᠦᠢᠯ ᠭᠡᠪᠡᠯ ᠂ ᠬᠠᠯᠠᠭᠤᠨ ᠢ ᠨᠢ | ᠪᠠᠭᠤᠷᠠᠭᠤᠯᠬᠤ ᠡᠮ ᠢ ᠬᠡᠷᠡᠭᠯᠡᠬᠦ ᠳᠤ ᠪᠠᠨ ᠨᠢᠭᠡ ᠯᠡ | ᠵᠦᠢᠯ ᠤᠨ ᠡᠮ ᠢ ᠬᠡᠷᠡᠭᠯᠡᠬᠦ ᠠᠴᠠ ᠪᠢᠰᠢ ᠂ ᠳᠠᠪᠬᠤᠷᠳᠠᠭᠤᠯᠤᠨ | ᠬᠡᠷᠡᠭᠯᠡᠵᠦ ᠪᠣᠯᠬᠤ ᠦᠭᠡᠢ ᠂ ᠡᠨᠡ ᠨᠢ ᠡᠯᠢᠭᠡ ᠪᠥᠭᠡᠷᠡᠨ ᠤ | ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ ᠃ | ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ | ᠠᠪᠴᠤ ᠬᠡᠯᠡᠪᠡᠯ ᠂ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ | ᠶᠢ ᠠᠩᠬᠠᠷᠬᠤ ᠬᠡᠷᠡᠭᠲᠡᠢ ᠂ ᠡᠨᠡ ᠭᠤᠷᠪᠠᠨ ᠲᠠᠯ᠎ᠠ ᠶᠢᠨ | ᠬᠢᠨᠠᠨ ᠰᠢᠨᠵᠢᠯᠡᠯᠲᠡ ᠨᠢ ᠳᠠᠷᠤᠢ ᠪᠡᠶ᠎ᠡ ᠶᠢᠨ ᠳᠤᠯᠠᠭᠠᠨ ᠂ | ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ ᠃ | ᠡᠶᠢᠮᠦ ᠠᠴᠠ ᠵᠢᠷᠮᠦᠰᠦᠨ ᠬᠥᠩᠭᠡᠵᠢᠭᠰᠡᠨ ᠡᠬᠡᠴᠦᠳ ᠡᠷᠬᠡᠪᠰᠢ | ᠪᠡᠶ᠎ᠡ ᠶᠢᠨ ᠳᠤᠯᠠᠭᠠᠨ ᠤ ᠬᠡᠮᠵᠢᠭᠦᠷ ᠂ ᠵᠢᠷᠦᠬᠡᠨ ᠤ | ᠴᠣᠬᠢᠯᠭ᠎ᠠ ᠪᠠ ᠴᠢᠰᠤᠨ ᠳᠠᠷᠤᠯᠲᠠ ᠶᠢ ᠬᠢᠨᠠᠨ ᠰᠢᠨᠵᠢᠯᠡᠬᠦ | ᠪᠠᠭᠠᠵᠢ ᠪᠡᠯᠡᠳᠬᠡᠬᠦ ᠬᠡᠷᠡᠭᠲᠡᠢ ᠃ ᠪᠠᠰᠠ ᠥᠪᠡᠷ ᠤᠨ | ᠦᠨᠳᠦᠰᠦᠨ ᠴᠢᠰᠤᠨ ᠳᠠᠷᠤᠯᠲᠠ ᠶᠢᠨ ᠪᠠᠶᠢᠴᠠᠭᠠᠯᠲᠠ ᠬᠢᠬᠦ | ᠬᠡᠷᠡᠭᠲᠡᠢ ᠂ ᠢᠩᠭᠢᠪᠡᠯ ᠴᠢᠰᠤᠨ ᠳᠠᠷᠤᠯᠲᠠ ᠨᠢ ᠬᠡᠪ ᠤᠨ ᠪᠤᠰᠤ | ᠪᠠᠶᠢᠳᠠᠯ ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ | ᠪᠣᠯᠣᠨ᠎ᠠ ᠃ | ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ ᠂ | ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠵᠢᠷᠮᠦᠰᠦᠨ | ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ ᠬᠥᠳᠡᠯᠦᠯ ᠤᠨ | ᠬᠢᠨᠠᠨ ᠰᠢᠨᠵᠢᠯᠡᠯᠲᠡ ᠶᠢ ᠠᠩᠬᠠᠷᠴᠤ ᠂ ᠵᠢᠷᠮᠦᠰᠦᠨ ᠤ | ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ | ᠡᠳᠦᠷ ᠪᠦᠷᠢ ᠨᠢᠭᠡ ᠴᠠᠭ ᠬᠢᠨᠠᠨ ᠰᠢᠨᠵᠢᠯᠡᠵᠦ ᠂ ᠴᠠᠭ ᠪᠦᠷᠢ | ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ | ᠬᠥᠳᠡᠯᠦᠯ ᠲᠠᠢ ᠪᠠᠶᠢᠬᠤ ᠬᠡᠷᠡᠭᠲᠡᠢ ᠃ ᠬᠡᠷᠪᠡ ᠦᠷᠭᠦᠯᠵᠢᠯᠡᠨ 3 | ᠡᠳᠦᠷ ᠠᠴᠠ ᠳᠡᠭᠡᠭᠰᠢ ᠬᠠᠯᠠᠭᠤᠷᠠᠬᠤ ᠡᠪᠡᠳᠴᠢᠨ ᠤ | ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ ᠡᠮ | ᠬᠡᠷᠡᠭᠯᠡᠭᠡᠳ ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ | ᠦᠭᠡᠢ ᠂ ᠴᠡᠭᠡᠵᠢ ᠡᠪᠡᠳᠬᠦ ᠂ ᠴᠡᠭᠡᠵᠢ ᠪᠠᠭᠲᠠᠷᠠᠬᠤ ᠂ ᠭᠡᠳᠡᠰᠦ | ᠡᠪᠡᠳᠬᠦ ᠵᠡᠷᠭᠡ ᠪᠠᠶᠢᠳᠠᠯ ᠢᠯᠡᠷᠡᠪᠡᠯ ᠂ ᠴᠠᠭ ᠲᠤᠬᠠᠢ ᠳᠤ ᠨᠢ | ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ ᠂ ᠴᠠᠭ | ᠲᠤᠬᠠᠢ ᠳᠤ ᠨᠢ ᠡᠮᠴᠢᠯᠡᠭᠦᠯᠬᠦ ᠬᠡᠷᠡᠭᠲᠡᠢ ᠃ | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ | ᠬᠠᠯᠳᠠᠪᠤᠷᠢᠯᠠᠭᠰᠠᠳ ᠪᠤᠶᠤ ᠨᠢᠭᠲᠠ ᠣᠶᠢᠷᠠᠲᠤᠭᠰᠠᠳ ᠭᠠᠷᠪᠠᠯ | ᠶᠠᠭᠠᠬᠢᠬᠤ ᠪᠤᠢ︖ | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ | ᠬᠠᠯᠳᠠᠪᠤᠷᠢᠯᠠᠭᠰᠠᠳ ᠭᠠᠷᠪᠠᠯ ᠂ ᠠᠶᠤᠵᠤ ᠰᠠᠨᠳᠤᠷᠤᠭᠰᠠᠨ ᠤ | ᠬᠡᠷᠡᠭ ᠦᠭᠡᠢ ᠃ ᠬᠡᠷᠪᠡ ᠭᠡᠷ ᠤᠨ ᠬᠥᠮᠥᠰ ᠨᠢ | ᠬᠠᠯᠳᠠᠪᠤᠷᠢᠯᠠᠭᠳᠠᠭᠰᠠᠨ ᠪᠠᠶᠢᠪᠠᠯ ᠂ ᠭᠤᠣᠯᠳᠠᠭᠤ ᠭᠡᠷ | ᠪᠦᠯᠢ ᠶᠢᠨ ᠨᠥᠬᠦᠴᠡᠯ ᠠᠴᠠ ᠪᠠᠨ ᠡᠭᠦᠰᠦᠨ ᠂ ᠠᠯᠢ | ᠴᠢᠳᠠᠬᠤ ᠪᠠᠷ ᠣᠷᠣᠨ ᠵᠠᠢ ᠶᠢᠨ ᠲᠠᠯ᠎ᠠ ᠪᠠᠷ ᠬᠠᠷᠢᠴᠠᠩᠭᠤᠢ | ᠲᠤᠰᠠᠭᠠᠷᠯᠠᠵᠤ ᠂ ᠬᠠᠮᠲᠤ ᠬᠤᠭᠤᠯᠠᠯᠠᠬᠤ ᠦᠭᠡᠢ ᠂ | ᠠᠮᠢᠳᠤᠷᠠᠯ ᠤᠨ ᠡᠳ᠋ ᠪᠣᠳᠠᠰ ᠢᠶᠠᠨ ᠠᠯᠢ ᠴᠢᠳᠠᠬᠤ ᠪᠠᠷ | ᠰᠠᠯᠭᠠᠵᠤ ᠂ ᠡᠷᠡᠭᠦᠯ ᠬᠠᠮᠠᠭᠠᠯᠠᠯ ᠤᠨ ᠦᠷᠦᠭᠡ ᠪᠠᠨ | ᠠᠷᠢᠭᠤᠳᠬᠠᠨ ᠴᠡᠪᠡᠷᠯᠡᠵᠦ ᠂ ᠶᠡᠷᠦ ᠶᠢᠨ ᠦᠶ᠎ᠡ ᠳᠤ | ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ ᠠᠭᠠᠷ | ᠰᠠᠯᠬᠢ ᠨᠡᠪᠲᠡᠷᠡᠭᠦᠯᠬᠦ ᠶᠢ ᠠᠩᠬᠠᠷᠬᠤ ᠬᠡᠷᠡᠭᠲᠡᠢ ᠃ | ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ | ᠢᠯᠡᠷᠡᠪᠡᠯ ᠂ ᠭᠡᠷ ᠲᠤ ᠪᠠᠨ ᠠᠵᠢᠯᠯᠠᠬᠤ ᠪᠣᠯᠣᠮᠵᠢ ᠪᠠᠶᠢᠪᠠᠯ | ᠬᠠᠮᠤᠭ ᠤᠨ ᠰᠠᠶᠢᠨ ᠂ ᠬᠡᠷᠪᠡ ᠠᠵᠢᠯ ᠤᠨ ᠬᠡᠷᠡᠭᠴᠡᠭᠡ ᠠᠴᠠ | ᠪᠣᠯᠵᠤ ᠵᠠᠪᠠᠯ ᠬᠠᠮᠲᠤ ᠶᠢᠨ ᠣᠷᠣᠨ ᠵᠠᠢ ᠳᠤ ᠠᠵᠢᠯᠯᠠᠬᠤ | ᠱᠠᠭᠠᠷᠳᠠᠯᠭ᠎ᠠ ᠲᠠᠢ ᠪᠣᠯ ᠂ ᠮᠥᠨ ᠴᠦ ᠠᠵᠢᠯᠯᠠᠬᠤ | ᠣᠷᠴᠢᠨ ᠤ ᠪᠠᠨ ᠠᠭᠠᠷ ᠰᠠᠯᠬᠢ ᠨᠡᠪᠲᠡᠷᠡᠭᠦᠯᠬᠦ ᠶᠢ | ᠣᠨᠴᠠᠭᠠᠶᠢᠯᠠᠨ ᠠᠩᠬᠠᠷᠬᠤ ᠬᠡᠷᠡᠭᠲᠡᠢ ᠃ ᠡᠭᠦᠨ ᠠᠴᠠ ᠭᠠᠳᠠᠨ᠎ᠠ | ᠡᠷᠬᠡᠪᠰᠢ N95 ᠠᠮᠠᠪᠴᠢ ᠵᠡᠭᠦᠬᠦ ᠬᠡᠷᠡᠭᠲᠡᠢ ᠂ ᠡᠨᠡ ᠨᠢ ᠮᠠᠰᠢ | ᠴᠢᠬᠤᠯᠠ ᠪᠠᠶᠢᠳᠠᠭ ᠃ ᠦᠨᠡᠨ ᠳᠤ ᠪᠠᠨ ᠵᠵᠷᠮᠦᠰᠦᠨ | ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ | ᠰᠡᠷᠭᠡᠶᠢᠯᠡᠬᠦ ᠨᠢ ᠬᠠᠮᠤᠭ ᠠᠴᠠ ᠴᠢᠬᠤᠯᠠ ᠶᠤᠮ ᠃ | ᠬᠡᠦᠬᠡᠳ | ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ | ᠨᠥᠭᠡᠴᠡᠯᠡᠵᠦ ᠪᠣᠯᠬᠤ ᠪᠤᠢ︖ | ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ | ᠦᠷᠭᠦᠯᠵᠢ ᠬᠡᠷᠡᠭᠯᠡᠳᠡᠭ ᠪᠠᠴᠢᠮ ᠡᠪᠡᠳᠴᠢᠨ ᠢ ᠠᠷᠭᠠᠴᠠᠭᠠᠬᠤ | ᠡᠮ ᠢ ᠵᠣᠬᠢᠬᠤ ᠬᠡᠮᠵᠢᠶ᠎ᠡ ᠪᠠᠷ ᠨᠥᠭᠡᠴᠡᠯᠡᠪᠡᠯ ᠵᠣᠬᠢᠨ᠎ᠠ ᠂ | ᠭᠡᠬᠦ ᠳᠤ ᠪᠠᠨ ᠣᠯᠠᠨ ᠵᠦᠢᠯ ᠤᠨ ᠡᠮ ᠨᠥᠭᠡᠴᠡᠯᠡᠬᠦ | ᠱᠠᠭᠠᠷᠳᠠᠯᠭ᠎ᠠ ᠦᠭᠡᠢ ᠂ ᠣᠯᠠᠨ ᠵᠦᠢᠯ ᠤᠨ ᠡᠮ ᠨᠥᠭᠡᠴᠡᠯᠡᠭᠰᠡᠨ | ᠴᠦ ᠵᠣᠬᠢᠰ ᠦᠭᠡᠢ ᠬᠠᠳᠠᠭᠠᠯᠠᠭᠰᠠᠨ ᠠᠴᠠ ᠪᠣᠯᠵᠤ ᠬᠡᠦᠬᠡᠳ | ᠪᠤᠷᠤᠭᠤ ᠡᠮ ᠢ ᠠᠳᠡᠭᠦᠷᠡᠨ ᠬᠡᠷᠡᠭᠯᠡᠵᠦ ᠮᠡᠳᠡᠨ᠎ᠡ ᠃ | ᠨᠥᠭᠡᠴᠡᠯᠡᠬᠦ ᠴᠢᠬᠤᠯᠠᠲᠠᠢ ᠡᠮ ᠠᠴᠠ ᠲᠠᠨᠢᠯᠴᠠᠭᠤᠯᠪᠠᠯ ᠂ | ᠨᠢᠭᠡᠳᠦᠭᠡᠷ ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ ᠂ | ᠬᠡᠦᠬᠡᠳ ᠬᠠᠯᠠᠭᠤᠷᠠᠬᠤ ᠨᠢ ᠦᠷᠭᠦᠯᠵᠢ ᠲᠣᠬᠢᠶᠠᠯᠳᠤᠳᠠᠭ | ᠶᠠᠪᠤᠳᠠᠯ ᠪᠠᠶᠢᠵᠤ ᠂ 6 ᠰᠠᠷ᠎ᠠ ᠠᠴᠠ ᠳᠡᠭᠡᠭᠰᠢᠬᠢ ᠬᠡᠦᠬᠡᠳ ᠲᠤ | ᠪᠢᠳᠡ ᠢᠪᠦ᠋ᠫᠷᠣᠹᠧᠨ ᠂ ᠫᠠᠷᠠᠽᠧᠲ᠋ᠠᠮᠣᠯ ᠢ ᠰᠣᠩᠭᠤᠵᠤ | ᠪᠣᠯᠣᠨ᠎ᠠ ᠂ ᠡᠭᠦᠨ ᠤ ᠳᠣᠲᠣᠷ᠎ᠠ ᠠᠴᠠ ᠨᠢᠭᠡ ᠵᠦᠢᠯ ᠨᠢ | ᠪᠠᠶᠢᠪᠠᠯ ᠪᠣᠯᠴᠢᠬᠠᠨ᠎ᠠ ᠃ 2 ᠰᠠᠷ᠎ᠠ ᠠᠴᠠ 6 ᠰᠠᠷ᠎ᠠ ᠲᠠᠢ | ᠬᠡᠦᠬᠡᠳ ᠲᠤ ᠢᠪᠦ᠋ᠫᠷᠣᠹᠧᠨ ᠢ ᠬᠡᠷᠡᠭᠯᠡᠬᠦ ᠳᠤ ᠲᠣᠬᠢᠷᠠᠮᠵᠢ | ᠦᠭᠡᠢ ᠤᠴᠢᠷ ᠠᠴᠠ ᠫᠠᠷᠠᠽᠧᠲ᠋ᠠᠮᠣᠯ ᠢ ᠰᠣᠩᠭᠤᠵᠤ ᠪᠣᠯᠣᠨ᠎ᠠ ᠃ | ᠬᠤᠶᠠᠷ ᠰᠠᠷ᠎ᠠ ᠠᠴᠠ ᠪᠠᠭ᠎ᠠ ᠨᠢᠷᠠᠢ ᠬᠡᠦᠬᠡᠳ ᠲᠤ | ᠬᠠᠯᠠᠭᠤᠨ ᠢ ᠪᠠᠭᠤᠷᠠᠭᠤᠯᠬᠤ ᠡᠩ ᠤᠨ ᠡᠮ ᠬᠡᠷᠡᠭᠯᠡᠬᠦ ᠶᠢ | ᠵᠥᠪᠯᠡᠬᠦ ᠦᠭᠡᠢ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ | ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ | ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ ᠃ | ᠪᠠᠰᠠ ᠬᠠᠯᠠᠭᠤᠷᠠᠬᠤ ᠂ ᠬᠠᠨᠢᠶᠠᠯᠭᠠᠬᠤ ᠮᠡᠲᠦ ᠶᠢᠨ | ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠪᠠᠶᠢᠳᠠᠯ ᠢ | ᠰᠡᠷᠭᠡᠶᠢᠯᠡᠬᠦ ᠳᠤ ᠪᠢᠳᠡ ᠬᠠᠯᠠᠭᠤᠨ ᠢ ᠲᠠᠭᠤᠵᠤ ᠴᠡᠷ ᠢ | ᠠᠷᠢᠯᠭᠠᠬᠤ ᠡᠮ ᠨᠥᠭᠡᠴᠡᠯᠡᠵᠦ ᠪᠣᠯᠣᠨ᠎ᠠ ᠃ ᠬᠠᠨᠢᠶᠠᠯᠭᠠᠬᠤ ᠨᠢ | ᠠᠮᠢᠰᠬᠤᠯ ᠤᠨ ᠵᠠᠮ ᠤᠨ ᠰᠢᠭᠦᠷᠡᠳᠡᠰᠦ ᠶᠢ | ᠭᠠᠳᠠᠭᠰᠢᠯᠠᠭᠤᠯᠬᠤ ᠳᠤ ᠲᠤᠰᠠᠲᠠᠢ ᠪᠠᠶᠢᠵᠤ ᠂ ᠬᠡᠦᠬᠡᠳ ᠬᠡᠷᠪᠡ | ᠬᠥᠩᠭᠡᠨ ᠬᠠᠨᠢᠶᠠᠯᠭᠠᠵᠤ ᠪᠠᠶᠢᠪᠠᠯ ᠡᠮ ᠬᠡᠷᠡᠭᠯᠡᠬᠦ ᠶᠢ | ᠵᠥᠪᠯᠡᠬᠦ ᠦᠭᠡᠢ ᠂ ᠬᠡᠷᠪᠡ ᠬᠠᠮᠠᠷ ᠨᠢ ᠪᠢᠲᠡᠭᠦᠷᠡᠵᠦ ᠂ | ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ ᠂ ᠬᠠᠮᠠᠷ ᠢ ᠨᠢ | ᠤᠬᠢᠶᠠᠵᠤ ᠪᠣᠯᠣᠨ᠎ᠠ ᠃ ᠡᠶᠢᠮᠦ ᠠᠴᠠ ᠭᠡᠷ ᠲᠤ ᠪᠠᠨ | ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ | ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ ᠂ ᠢᠩᠭᠢᠪᠡᠯ | ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ ᠃ | ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ | ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ | ᠂ ᠡᠭᠦᠨ ᠳᠤ ᠬᠡᠦᠬᠡᠳ ᠤᠨ ᠨᠠᠰᠤ ᠶᠢ ᠦᠨᠳᠦᠰᠦᠯᠡᠨ ᠂ | ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ ᠃ | ᠭᠡᠪᠡᠴᠦ ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ ᠵᠦᠢᠯ | ᠤᠨ ᠡᠮ ᠢ ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ | ᠰᠠᠨᠠᠭᠤᠯᠵᠤ ᠪᠠᠶᠢᠨ᠎ᠠ ᠃ | ᠬᠡᠦᠬᠡᠳ ᠲᠤ ᠡᠮ ᠬᠡᠷᠡᠭᠯᠡᠬᠦ ᠳᠤ ᠶᠠᠮᠠᠷ ᠶᠠᠮᠠᠷ ᠠᠩᠬᠠᠷᠬᠤ | ᠵᠦᠢᠯ ᠪᠠᠶᠢᠬᠤ ᠪᠣᠢ︖ | ᠬᠡᠦᠬᠡᠳ ᠲᠤ ᠡᠮ ᠬᠡᠷᠡᠭᠯᠡᠬᠦ ᠳᠤ ᠪᠠᠰᠠ ᠠᠩᠬᠠᠷᠬᠤ ᠵᠦᠢᠯ | ᠪᠠᠶᠢᠳᠠᠭ ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ | ᠡᠮ ᠶᠢ ᠬᠡᠷᠡᠭᠯᠡᠬᠦ ᠳᠤ ᠪᠠᠨ ᠂ ᠬᠤᠶᠠᠷ ᠵᠦᠢᠯ ᠤᠨ ᠡᠮ ᠢ | ᠬᠠᠮᠲᠤ ᠳᠤ ᠨᠢ ᠤᠤᠭᠤᠯᠭᠠᠵᠤ ᠪᠣᠯᠬᠤ ᠦᠭᠡᠢ ᠂ ᠪᠠᠰᠠ | ᠡᠭᠡᠯᠵᠢᠯᠡᠨ ᠤᠤᠭᠤᠬᠤ ᠴᠢᠬᠤᠯᠠ ᠦᠭᠡᠢ ᠃ | ᠲᠣᠳᠣᠷᠬᠠᠶᠢᠯᠠᠯᠲᠠ ᠶᠢᠨ ᠪᠢᠴᠢᠭ ᠲᠤ ᠨᠢ ᠵᠢᠭᠠᠭᠰᠠᠨ | ᠲᠣᠬᠢᠷᠠᠬᠤ ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ ᠲᠤᠩ | ᠬᠡᠮᠵᠢᠶ᠎ᠡ ᠪᠤᠶᠤ ᠡᠮᠴᠢ ᠶᠢᠨ ᠵᠢᠭᠠᠪᠤᠷᠢ ᠪᠠᠷ ᠡᠮ | ᠬᠡᠷᠡᠭᠯᠡᠬᠦ ᠶᠢᠨ ᠬᠠᠮᠲᠤ ᠤᠳᠠᠭ᠎ᠠ ᠪᠦᠷᠢ ᠶᠢᠨ | ᠬᠤᠭᠤᠷᠣᠨᠳᠤᠬᠢ ᠠᠯᠤᠰᠯᠠᠬᠤ ᠴᠠᠭ ᠢ ᠠᠩᠬᠠᠷᠬᠤ ᠬᠡᠷᠡᠭᠲᠡᠢ ᠃ | ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ | ᠲᠠᠭᠠᠮᠠᠭᠯᠠᠯ ᠢᠶᠠᠷ ᠢᠶᠠᠨ ᠬᠡᠦᠬᠡᠳ ᠲᠤ ᠪᠠᠨ ᠡᠮ | ᠬᠡᠷᠡᠭᠯᠡᠵᠦ ᠪᠣᠯᠬᠤ ᠦᠭᠡᠢ ᠂ ᠤᠴᠢᠷ ᠨᠢ ᠬᠡᠦᠬᠡᠳ ᠤᠨ | ᠡᠷᠬᠡᠲᠡᠨ ᠤ ᠪᠤᠶᠢᠵᠢᠯᠲᠠ ᠨᠢ ᠲᠡᠳᠦᠢ ᠪᠣᠯᠪᠠᠰᠤᠷᠠᠩᠭᠤᠢ | ᠪᠢᠰᠢ ᠪᠣᠯᠬᠤᠷ ᠡᠮ ᠬᠡᠷᠡᠭᠯᠡᠬᠦ ᠳᠤ ᠪᠠᠨ ᠨᠡᠩ ᠳᠦᠷᠢᠮᠵᠢᠭᠦᠨ | ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ ᠃ ᠣᠳᠣ ᠮᠠᠰᠢ | ᠣᠯᠠᠨ ᠡᠮᠨᠡᠯᠭᠡ ᠶᠢᠨ ᠬᠤᠷᠢᠶ᠎ᠠ ᠨᠢ ᠪᠦᠷ ᠢᠨᠲ᠋ᠧᠷ | ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ ᠂ | ᠥᠪᠡᠷ ᠢᠶᠠᠨ ᠰᠢᠢᠳᠴᠦ ᠴᠢᠳᠠᠬᠤ ᠦᠭᠡᠢ ᠦᠶ᠎ᠡ ᠳᠤ ᠂ ᠪᠢᠳᠡ ᠪᠠᠰᠠ | ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ | ᠮᠡᠷᠭᠡᠵᠢᠯᠲᠡᠨ ᠤ ᠡᠮ ᠬᠡᠷᠡᠭᠯᠡᠬᠦ ᠵᠢᠯᠣᠭᠤᠳᠤᠯᠭ᠎ᠠ | ᠰᠠᠨᠠᠭᠤᠯᠭ᠎ᠠ ᠶᠢ ᠠᠪᠴᠤ ᠪᠣᠯᠣᠨ᠎ᠠ ᠃ | ᠬᠡᠦᠬᠡᠳ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ | ᠪᠣᠢ ︖ | ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ | ᠬᠥᠮᠥᠨ ᠤ ᠬᠢ ᠲᠠᠢ ᠠᠳᠠᠯᠢᠪᠲᠤᠷ ᠪᠠᠶᠢᠵᠤ ᠂ ᠮᠥᠨ ᠴᠦ | ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ | ᠬᠠᠯᠳᠠᠪᠤᠷᠢᠯᠠᠯ ᠤᠨ ᠢᠯᠡᠷᠡᠯ ᠪᠣᠯᠣᠨ᠎ᠠ ᠃ ᠡᠭᠦᠨ ᠳᠤ | ᠬᠠᠯᠠᠭᠤᠷᠠᠬᠤ ᠂ ᠬᠠᠨᠢᠶᠠᠯᠭᠠᠬᠤ ᠂ ᠨᠢᠰᠤ ᠭᠤᠭᠤᠵᠢᠬᠤ ᠂ ᠬᠠᠮᠠᠷ | ᠪᠢᠲᠡᠭᠦᠷᠡᠬᠦ ᠵᠡᠷᠭᠡ ᠢᠯᠡᠷᠡᠯ ᠭᠠᠷᠴᠤ ᠂ ᠡᠨᠡ ᠨᠢ ᠣᠯᠠᠩᠬᠢ | ᠬᠡᠦᠬᠡᠳ ᠤᠨ ᠢᠯᠡᠷᠡᠯ ᠪᠣᠯᠣᠨ᠎ᠠ ᠃ ᠪᠠᠰᠠ ᠨᠢᠭᠡ ᠪᠦᠯᠦᠭ ᠨᠢ | ᠲᠠᠮᠢᠷᠳᠠᠬᠤ ᠂ ᠬᠤᠭᠤᠯᠠᠨ ᠤ ᠳᠤᠷᠠᠰᠢᠯ ᠮᠠᠭᠤᠳᠠᠬᠤ ᠂ | ᠪᠥᠭᠡᠯᠵᠢᠬᠦ ᠂ ᠴᠢᠨᠠᠭᠰᠢᠯᠠᠪᠠᠯ ᠰᠠᠭᠤᠯᠭᠠᠬᠤ ᠵᠡᠷᠭᠡ | ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ ᠃ | ᠪᠠᠰᠠ ᠵᠠᠷᠢᠮ ᠬᠡᠦᠬᠡᠳ ᠤᠨ ᠠᠮᠢᠰᠬᠤᠭ᠎ᠠ ᠨᠢ ᠳᠠᠪᠬᠤᠴᠠᠵᠤ ᠂ | ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ ᠃ | ᠭᠡᠪᠡᠴᠦ ᠬᠡᠦᠬᠡᠳ ᠤᠳ ᠤᠨ ᠬᠠᠯᠠᠭᠤᠷᠠᠬᠤ ᠬᠡᠮᠵᠢᠶᠡᠨ ᠤ | ᠵᠥᠷᠢᠶ᠎ᠡ ᠨᠢ ᠨᠡᠯᠢᠶᠡᠳ ᠶᠡᠭᠡ ᠪᠠᠶᠢᠵᠤ ᠂ ᠵᠠᠷᠢᠮ ᠬᠡᠦᠬᠡᠳ ᠨᠢ | ᠨᠡᠯᠢᠶᠡᠳ ᠥᠨᠳᠥᠷ ᠬᠠᠯᠠᠭᠤᠷᠠᠵᠤ ᠂ ᠴᠢᠨᠠᠭᠰᠢᠯᠠᠪᠠᠯ 39 | ᠭᠷᠡᠳᠦ᠋ᠰ ᠢ ᠳᠠᠪᠠᠨ ᠂ 40 ᠭᠷᠡᠳᠦ᠋ᠰ ᠴᠦ ᠬᠦᠷᠴᠦ ᠮᠠᠭᠠᠳ ᠂ | ᠭᠡᠪᠡᠴᠦ ᠲᠡᠳᠡᠨ ᠤ ᠬᠠᠯᠠᠭᠤᠷᠠᠬᠤ ᠬᠤᠭᠤᠴᠠᠭ᠎ᠠ ᠨᠢ | ᠶᠡᠷᠦ ᠳᠤ ᠪᠠᠨ 2 ᠠᠴᠠ 3 ᠡᠳᠦᠷ ᠪᠠᠶᠢᠳᠠᠭ ᠃ ᠪᠢᠳᠡᠨ ᠤ | ᠣᠳᠣᠬᠠᠨ ᠤ ᠠᠵᠢᠭᠯᠠᠯᠲᠠ ᠪᠠᠷ 2 ᠠᠴᠠ 3 ᠡᠳᠦᠷ ᠲᠤ ᠣᠯᠠᠩᠬᠢ | ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ ᠃ ᠡᠶᠢᠮᠦ ᠠᠴᠠ | ᠡᠪᠡᠳᠴᠢᠯᠡᠯᠲᠡ ᠶᠢᠨ ᠶᠠᠪᠤᠴᠠ ᠨᠢ 3 ᠠᠴᠠ 5 ᠡᠳᠦᠷ ᠣᠷᠴᠢᠮ | ᠪᠠᠶᠢᠳᠠᠭ ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠠᠶᠢᠵᠤ | ᠂ ᠬᠦᠨᠳᠦ ᠡᠪᠡᠳᠴᠢᠯᠡᠯᠲᠡ ᠤᠨ ᠲᠣᠬᠢᠶᠠᠯᠳᠤᠮᠵᠢ ᠨᠢ ᠮᠠᠰᠢ | ᠳᠣᠣᠷ᠎ᠠ ᠃ ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ | ᠭᠠᠷᠪᠠᠯ ᠶᠠᠮᠠᠷ ᠪᠠᠶᠢᠳᠠᠯ ᠳᠤ ᠡᠮᠨᠡᠯᠭᠡ ᠳᠤ ᠣᠴᠢᠬᠤ | ᠴᠢᠬᠤᠯᠠ ᠲᠠᠢ ᠂ ᠶᠠᠮᠠᠷ ᠪᠠᠶᠢᠳᠠᠯ ᠳᠤ ᠣᠴᠢᠬᠤ ᠴᠢᠬᠤᠯᠠ ᠦᠭᠡᠢ | ᠪᠣᠢ︖ | ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ ᠂ ᠪᠢᠳᠡ ᠵᠠᠪᠠᠯ | ᠬᠡᠦᠬᠡᠳ ᠤᠨ ᠴᠤᠭ ᠰᠦᠯᠳᠡ ᠶᠢ ᠨᠢ ᠦᠵᠡᠬᠦ ᠬᠡᠷᠡᠭᠲᠡᠢ ᠂ ᠬᠡᠷᠪᠡ | ᠬᠡᠦᠬᠡᠳ ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ | ᠨᠡᠯᠢᠶᠡᠳ ᠴᠤᠭ ᠵᠢᠪᠬᠤᠭ᠎ᠠ ᠲᠠᠢ ᠂ ᠢᠯᠠᠩᠭᠤᠶ᠎ᠠ ᠬᠠᠯᠠᠭᠤᠨ ᠨᠢ | ᠪᠠᠭᠤᠷᠠᠭᠰᠠᠨ ᠤ ᠳᠠᠷᠠᠭ᠎ᠠ ᠢᠳᠡᠬᠦ ᠤᠤᠭᠤᠬᠤ ᠨᠠᠭᠠᠳᠬᠤ ᠨᠢ | ᠬᠡᠪ ᠤᠨ ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ | ᠰᠠᠨᠳᠤᠷᠤᠭᠰᠠᠨ ᠤ ᠬᠡᠷᠡᠭ ᠦᠭᠡᠢ ᠂ ᠮᠥᠨ ᠴᠦ ᠳᠠᠷᠤᠶᠢᠬᠠᠨ | ᠡᠮᠨᠡᠯᠭᠡ ᠳᠤ ᠣᠴᠢᠵᠤ ᠡᠮᠨᠡᠭᠦᠯᠬᠦ ᠴᠢᠬᠤᠯᠠ ᠦᠭᠡᠢ ᠂ | ᠭᠡᠷ ᠲᠤ ᠪᠠᠨ ᠦᠷᠭᠦᠯᠵᠢᠯᠡᠨ ᠠᠵᠢᠭᠯᠠᠵᠤ ᠂ ᠡᠪᠡᠳᠴᠢᠨ ᠤ | ᠢᠯᠡᠷᠡᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ | ᠪᠣᠯᠴᠢᠬᠠᠨ᠎ᠠ ᠃ | ᠭᠡᠪᠡᠴᠦ ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ | ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ ᠂ | ᠵᠢᠱᠢᠶᠡᠯᠡᠪᠡᠯ ᠂ 3 ᠡᠳᠦᠷ ᠠᠴᠠ ᠳᠡᠭᠡᠭᠰᠢ ᠬᠠᠯᠠᠭᠤᠷᠠᠵᠤ | ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ | ᠣᠴᠢᠪᠠᠯ ᠵᠣᠬᠢᠨ᠎ᠠ︔ ᠳᠠᠬᠢᠪᠠᠯ ᠬᠡᠦᠬᠡᠳ ᠴᠤᠭ ᠰᠦᠯᠳᠡ ᠦᠭᠡᠢ ᠂ | ᠥᠭᠡᠷ᠎ᠡ ᠪᠠᠷ ᠬᠡᠯᠡᠪᠡᠯ ᠬᠠᠯᠠᠭᠤᠨ ᠨᠢ ᠪᠠᠭᠤᠷᠠᠭᠰᠠᠨ ᠴᠤ | ᠴᠤᠭ ᠰᠦᠯᠳᠡ ᠦᠭᠡᠢ ᠪᠠᠶᠢᠬᠤ ᠂ ᠡᠭᠦᠨ ᠳᠤ ᠨᠢᠷᠠᠢ ᠬᠡᠦᠬᠡᠳ | ᠵᠠᠷᠢᠮ ᠳᠤ ᠪᠠᠨ ᠤᠬᠢᠯᠠᠨ ᠪᠤᠬᠢᠨᠢᠳᠤᠵᠤ | ᠲᠠᠶᠢᠳᠬᠤᠷᠠᠭᠤᠯᠬᠤ ᠳᠤ ᠬᠡᠴᠡᠭᠦᠦ ᠂ ᠲᠣᠮᠣ ᠬᠡᠦᠬᠡᠳ ᠳᠠᠩᠳᠠ | ᠤᠨᠲᠠᠵᠤ ᠂ ᠴᠤᠭ ᠰᠦᠯᠳᠡ ᠦᠭᠡᠢ ᠂ ᠴᠢᠷᠠᠢ ᠶᠢᠨ ᠥᠩᠭᠡ ᠨᠢ | ᠪᠠᠷᠤᠭᠲᠠᠢ ᠂ ᠡᠶᠢᠮᠦᠷᠬᠦᠦ ᠪᠠᠶᠢᠳᠠᠯ ᠳᠤ ᠪᠡᠶ᠎ᠡ ᠶᠢᠨ | ᠬᠠᠯᠠᠭᠤᠨ ᠤ ᠥᠨᠳᠥᠷ ᠳᠣᠣᠷ᠎ᠠ ᠶᠢ ᠬᠠᠮᠢᠶᠠᠷᠤᠯ ᠦᠭᠡᠢ ᠪᠠᠷ | ᠡᠮᠨᠡᠯᠭᠡ ᠳᠤ ᠣᠴᠢᠵᠤ ᠡᠮᠴᠢᠯᠡᠭᠦᠯᠬᠦ ᠬᠡᠷᠡᠭᠲᠡᠢ︔ ᠪᠠᠰᠠ | ᠵᠠᠷᠢᠮ ᠪᠠᠶᠢᠳᠠᠯ ᠳᠤ ᠬᠠᠨᠢᠶᠠᠯᠭᠠᠬᠤ ᠨᠢ ᠠᠬᠠᠳᠠᠬᠤ ᠪᠠ | ᠣᠯᠠᠰᠢᠷᠠᠵᠤ ᠂ ᠡᠳᠦᠷ ᠲᠤᠲᠤᠮ ᠤᠨ ᠠᠮᠢᠳᠤᠷᠠᠯ ᠪᠠ ᠤᠨᠲᠠᠵᠤ | ᠠᠮᠠᠷᠠᠬᠤ ᠶᠢ ᠨᠢ ᠨᠥᠯᠥᠭᠡᠯᠡᠬᠦ ᠳᠤ ᠬᠦᠷᠪᠡᠯ ᠳᠠᠷᠤᠢ | ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ︔ ᠡᠭᠦᠨ ᠠᠴᠠ | ᠭᠠᠳᠠᠨ᠎ᠠ ᠪᠠᠰᠠ ᠵᠠᠷᠢᠮ ᠬᠡᠦᠬᠡᠳ ᠠᠮᠢᠰᠬᠤᠭᠠᠳᠠᠬᠤ ᠂ | ᠠᠮᠢᠰᠬᠤᠭ᠎ᠠ ᠨᠢ ᠲᠦᠷᠭᠡᠰᠴᠦ ᠂ ᠴᠢᠨᠠᠭᠰᠢᠯᠠᠭᠠᠳ ᠠᠮᠢᠰᠬᠤᠯ | ᠴᠢᠬᠤᠯᠳᠠᠬᠤ ᠂ ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ | ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ ᠂ ᠮᠥᠭᠡᠷᠰᠦᠨ | ᠬᠤᠭᠤᠯᠠᠢ ᠶᠢᠨ ᠦᠷᠪᠢᠰᠦᠯ ᠪᠠᠶᠢᠵᠤ ᠮᠠᠭᠠᠳ ᠤᠴᠢᠷ ᠠᠴᠠ ᠴᠠᠭ | ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ | ᠤᠬᠠᠭᠠᠨ ᠠᠯᠳᠠᠵᠤ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ | ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃ | ᠣᠨᠴᠠᠭᠠᠶᠢᠯᠠᠨ ᠠᠩᠬᠠᠷᠤᠭᠤᠰᠢᠲᠠᠢ ᠨᠢ ᠂ ᠰᠠᠶ᠋ᠢᠬᠠᠨ | ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ | ᠭᠤᠷᠪᠠᠨ ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ ᠪᠣᠯ | ᠣᠨᠴᠠᠭᠠᠶ ᠪᠦᠯᠦᠭ ᠤᠨ ᠬᠥᠮᠥᠰ ᠪᠠᠶᠢᠵᠤ ᠂ ᠬᠡᠷᠪᠡ ᠬᠠᠯᠠᠭᠤᠷᠠᠬᠤ | ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ | ᠣᠴᠢᠵᠤ ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ ᠃ | ᠨᠠᠰᠤᠲᠠᠶᠢᠴᠤᠳ | ᠨᠠᠰᠤᠲᠠᠶᠢᠴᠤᠳ ᠥᠪᠡᠷ ᠢ ᠪᠠᠨ ᠬᠡᠷᠬᠢᠨ ᠬᠠᠮᠠᠭᠠᠯᠠᠪᠠᠯ | ᠵᠣᠬᠢᠬᠤ ᠪᠣᠢ︖ | ᠡᠩ ᠲᠡᠷᠢᠭᠦᠨ ᠳᠤ ᠂ ᠸᠠᠺᠼᠢᠨ ᠳᠠᠷᠢᠬᠤ ᠬᠡᠷᠡᠭᠲᠡᠢ ᠃ | ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ | ᠴᠢᠩᠭᠠᠳᠬᠠᠭᠰᠠᠨ ᠸᠠᠺᠼᠢᠨ ᠤ ᠲᠠᠷᠢᠯᠭ᠎ᠠ ᠬᠢᠬᠦ ᠵᠡᠷᠭᠡ ᠶᠢ | ᠪᠠᠭᠲᠠᠭᠠᠨ᠎ᠠ ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ | ᠂ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ | ᠨᠣᠷᠮ᠎ᠠ ᠢᠯᠡᠳᠲᠡ ᠪᠠᠭᠤᠷᠠᠬᠤ ᠪᠣᠯᠣᠨ᠎ᠠ ᠃ | ᠬᠤᠶᠠᠳᠤᠭᠠᠷ ᠲᠤ ᠂ ᠣᠲᠣ ᠶᠢᠨ ᠪᠠᠶᠢᠳᠠᠯ ᠳᠣᠣᠷ᠎ᠠ ᠂ | ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ | ᠪᠠᠶᠢᠨ᠎ᠠ ᠂ ᠢᠯᠠᠩᠭᠤᠶ᠎ᠠ ᠬᠥᠮᠥᠨ ᠣᠯᠠᠨ ᠴᠤᠭᠯᠠᠷᠠᠳᠠᠭ | ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ | ᠵᠠᠶᠢᠯᠠᠰᠬᠢᠬᠦ ᠶᠢ ᠬᠦᠰᠡᠵᠦ ᠪᠠᠶᠢᠨ᠎ᠠ ᠂ ᠬᠡᠷᠪᠡ ᠵᠠᠪᠠᠯ | ᠣᠴᠢᠬᠤ ᠴᠢᠬᠤᠯᠠ ᠲᠠᠢ ᠪᠣᠯ ᠠᠮᠠᠪᠴᠢ ᠪᠠᠨ ᠰᠠᠶᠢᠲᠤᠷ ᠵᠡᠭᠦᠬᠦ | ᠬᠡᠷᠡᠭᠲᠡᠢ ᠃ ᠡᠭᠦᠨ ᠠᠴᠠ ᠭᠠᠳᠠᠨ᠎ᠠ ᠂ ᠪᠦᠬᠦᠶᠢᠯᠡ ᠶᠠᠪᠤᠴᠠ ᠳᠤ | ᠂ ᠭᠠᠳᠠᠭᠠᠳᠤ ᠣᠷᠴᠢᠨ ᠲᠠᠢ ᠣᠶᠢᠷᠠᠳᠬᠤ ᠪᠠᠨ ᠠᠯᠢ | ᠴᠢᠳᠠᠬᠤ ᠪᠠᠷ ᠪᠠᠭᠠᠰᠬᠠᠵᠤ ᠂ ᠪᠤᠴᠠᠵᠤ ᠢᠷᠡᠪᠡᠯ ᠭᠠᠷ ᠢᠶᠠᠨ | ᠵᠠᠪᠠᠯ ᠤᠬᠢᠶᠠᠬᠤ ᠬᠡᠷᠡᠭᠲᠡᠢ ᠃ | ᠭᠤᠷᠪᠠᠳᠤᠭᠠᠷ ᠲᠤ ᠂ ᠢᠯᠡᠭᠦᠬᠡᠨ ᠰᠠᠯᠬᠢ | ᠨᠡᠪᠲᠡᠷᠡᠭᠦᠯᠦᠨ᠎ᠡ ᠃ ᠣᠲᠣ ᠶᠠᠭ ᠡᠪᠦᠯ ᠤᠨ ᠤᠯᠠᠷᠢᠯ ᠪᠣᠯᠵᠤ ᠂ | ᠢᠯᠠᠩᠭᠤᠶ᠎ᠠ ᠤᠮᠠᠷᠠᠲᠤ ᠣᠷᠣᠨ ᠤ ᠠᠭᠤᠷ ᠠᠮᠢᠰᠬᠤᠯ ᠨᠡᠯᠢᠶᠡᠳ | ᠬᠦᠢᠲᠡᠨ ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ | ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ | ᠠᠩᠬᠠᠷᠴᠤ ᠂ ᠨᠠᠰᠤᠲᠠᠶᠢᠴᠤᠳ ᠢ ᠥᠭᠡᠷ᠎ᠡ ᠨᠢᠭᠡ ᠥᠷᠥᠭᠡᠨ ᠳᠤ | ᠣᠷᠣᠭᠤᠯᠵᠤ ᠪᠣᠯᠣᠨ᠎ᠠ ᠂ ᠰᠠᠯᠬᠢ ᠨᠡᠪᠲᠡᠷᠡᠭᠦᠯᠦᠭᠰᠡᠨ ᠤ | ᠳᠠᠷᠠᠭ᠎ᠠ ᠂ ᠭᠡᠷ ᠤᠨ ᠳᠤᠯᠠᠭᠠᠨ ᠬᠡᠪ ᠤᠨ ᠪᠠᠶᠢᠳᠠᠯ ᠳᠤ ᠪᠠᠨ | ᠣᠷᠣᠭᠰᠠᠨ ᠤ ᠳᠠᠷᠠᠭ᠎ᠠ ᠨᠠᠰᠤᠲᠠᠶᠢᠴᠤᠳ ᠢ ᠰᠠᠶ᠋ᠢ ᠲᠣᠰ | ᠥᠷᠥᠭᠡᠨ ᠳᠤ ᠨᠢ ᠪᠤᠴᠠᠭᠠᠨ᠎ᠠ ᠃ | ᠳᠥᠷᠪᠡᠳᠦᠭᠡᠷ ᠲᠤ ᠂ ᠨᠠᠰᠤᠲᠠᠶᠢᠴᠤᠳ ᠲᠤ ᠶᠡᠷᠦ ᠳᠤ ᠪᠠᠨ | ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ ᠂ | ᠰᠠᠭᠤᠷᠢ ᠡᠪᠡᠳᠴᠢᠨ ᠢ ᠣᠳᠣᠬᠢ ᠱᠠᠲᠤᠨ ᠳᠤ ᠵᠠᠪᠠᠯ ᠰᠠᠶᠢᠲᠤᠷ | ᠡᠵᠡᠮᠳᠡᠵᠦ ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ | ᠠᠶᠤᠭᠠᠳ ᠡᠮ ᠢᠶᠠᠨ ᠵᠣᠭᠰᠣᠭᠠᠵᠤ ᠪᠣᠯᠬᠤ ᠦᠭᠡᠢ ᠂ ᠡᠯ᠎ᠡ | ᠵᠦᠢᠯ ᠤᠨ ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ | ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ | ᠠᠪᠤᠭᠤᠯᠵᠤ ᠪᠣᠯᠣᠨ᠎ᠠ ᠃ | ᠲᠠᠪᠤᠳᠤᠭᠠᠷ ᠲᠤ ᠂ ᠨᠠᠰᠤᠲᠠᠶᠢᠴᠤᠳ ᠣᠶᠢᠷ᠎ᠠ ᠶᠢᠨ | ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ | ᠠᠮᠢᠳᠤᠷᠠᠵᠤ ᠂ ᠬᠡᠲᠦᠷᠬᠡᠢ ᠰᠠᠨᠳᠤᠷᠬᠤ ᠬᠡᠷᠡᠭ ᠦᠭᠡᠢ ᠃ ᠵᠢᠮ᠎ᠡ | ᠶᠣᠰᠣ ᠲᠠᠢ ᠪᠠᠷ ᠤᠨᠲᠠᠵᠤ ᠠᠮᠠᠷᠠᠨ ᠂ ᠰᠢᠮ᠎ᠡ ᠲᠡᠵᠢᠭᠡᠯ ᠢᠶᠠᠨ | ᠪᠠᠲᠤᠯᠠᠬᠤ ᠬᠡᠷᠡᠭᠲᠡᠢ ᠂ ᠭᠡᠪᠡᠴᠦ ᠬᠡᠲᠦᠷᠡᠲᠡᠯ᠎ᠡ ᠢᠳᠡᠵᠦ | ᠤᠤᠭᠤᠵᠤ ᠪᠣᠯᠬᠤ ᠦᠭᠡᠢ ᠃ ᠡᠭᠦᠨ ᠠᠴᠠ ᠭᠠᠳᠠᠨ᠎ᠠ ᠂ ᠠᠷᠢᠬᠢ | ᠡᠳ᠋ᠯᠡᠬᠦ ᠪᠠᠨ ᠠᠯᠢ ᠴᠢᠳᠠᠬᠤ ᠪᠠᠷ ᠪᠠᠭᠠᠰᠬᠠᠨ᠎ᠠ ᠃ ᠬᠡᠷᠪᠡ | ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ | ᠬᠥᠮᠥᠰ ᠨᠢ ᠣᠶᠢᠷ᠎ᠠ ᠶᠢᠨ ᠬᠤᠭᠤᠴᠠᠭᠠᠨ ᠳᠤ | ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ ᠂ | ᠸᠢᠷᠦ᠋ᠰ ᠯᠡᠪᠡᠷᠡᠬᠦ ᠲᠣᠬᠢᠶᠠᠯ ᠢ ᠪᠠᠭᠠᠰᠬᠠᠵᠤ ᠪᠣᠯᠣᠨ᠎ᠠ ᠃ | ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ | ᠬᠡᠷᠬᠢᠨ ᠰᠠᠶᠢᠲᠤᠷ ᠬᠠᠮᠠᠭᠠᠯᠠᠬᠤ ᠪᠣᠶ︖ | ᠬᠡᠷᠪᠡ ᠬᠠᠮᠲᠤ ᠠᠮᠢᠳᠤᠷᠠᠵᠤ ᠪᠠᠶᠢᠭ᠎ᠠ ᠬᠥᠮᠥᠨ ᠨᠢ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠂ | ᠨᠠᠰᠤᠲᠠᠶᠢᠴᠤᠳ ᠤᠨ ᠸᠢᠷᠦ᠋ᠰ ᠲᠠᠢ ᠣᠶᠢᠷᠠᠳᠬᠤ ᠲᠣᠬᠢᠶᠠᠯ ᠢ | ᠠᠯᠢ ᠴᠢᠳᠠᠬᠤ ᠪᠠᠷ ᠪᠠᠭᠠᠰᠬᠠᠬᠤ ᠪᠣᠯ ᠬᠠᠮᠤᠭ ᠤᠨ ᠴᠢᠬᠤᠯᠠ | ᠵᠠᠷᠴᠢᠮ ᠪᠣᠯᠣᠨ᠎ᠠ ᠃ ᠬᠡᠷᠪᠡ ᠨᠥᠬᠦᠴᠡᠯ ᠲᠠᠢ ᠪᠣᠯ | ᠨᠠᠰᠤᠲᠠᠶᠢᠴᠤᠳ ᠢ ᠥᠭᠡᠷ᠎ᠡ ᠨᠢᠭᠡ ᠣᠷᠣᠨ ᠰᠠᠭᠤᠴᠠ ᠳᠤ ᠠᠪᠠᠴᠢᠨ | ᠰᠠᠭᠤᠯᠭᠠᠵᠤ ᠪᠣᠯᠣᠨ᠎ᠠ ᠃ ᠬᠡᠷᠪᠡ ᠨᠥᠬᠦᠴᠡᠯ ᠦᠭᠡᠢ ᠪᠣᠯ ᠨᠢᠭᠡᠨ | ᠲᠤᠰᠠᠭᠠᠷ ᠦᠷᠦᠭᠡ ᠭᠠᠷᠭᠠᠵᠤ ᠂ ᠡᠭᠦᠳᠡ ᠪᠠᠨ ᠰᠠᠶᠢᠲᠤᠷ | ᠬᠠᠭᠠᠵᠤ ᠂ ᠰᠠᠯᠬᠢ ᠨᠡᠪᠲᠡᠷᠡᠭᠦᠯᠬᠦ ᠶᠢ ᠴᠢᠩᠭᠠᠳᠬᠠᠬᠤ | ᠬᠡᠷᠡᠭᠲᠡᠢ ᠃ ᠰᠠᠯᠬᠢ ᠨᠡᠪᠲᠡᠷᠡᠭᠦᠯᠬᠦ ᠳᠤ ᠠᠩᠬᠠᠷᠬᠤ | ᠵᠦᠢᠯ ᠨᠢ ᠳᠡᠭᠡᠷ᠎ᠡ ᠳᠤᠷᠠᠳᠤᠭᠰᠠᠨ ᠲᠠᠢ ᠠᠳᠠᠯᠢ ᠶᠤᠮ ᠃ ᠪᠠᠰᠠ | ᠨᠢᠭᠡ ᠵᠦᠢᠯ ᠭᠡᠪᠡᠯ ᠂ ᠣᠷᠴᠢᠨ ᠲᠣᠭᠤᠷᠢᠨ ᠤ ᠠᠷᠢᠭᠤᠳᠬᠠᠯ ᠢ | ᠴᠢᠩᠭᠠᠳᠬᠠᠬᠤ ᠬᠡᠷᠡᠭᠲᠡᠢ ᠂ ᠢᠯᠠᠩᠭᠤᠶ᠎ᠠ ᠣᠯᠠᠨ ᠨᠡᠶᠢᠲᠡ ᠶᠢᠨ | ᠢᠯᠡ ᠣᠷᠴᠢᠨ ᠲᠣᠭᠤᠷᠢᠨ ᠳᠤ ᠂ ᠵᠢᠱᠢᠶᠡᠯᠡᠪᠡᠯ ᠵᠣᠷᠯᠣᠩ ᠂ | ᠡᠭᠦᠳᠡᠨ ᠤ ᠪᠠᠷᠢᠭᠤᠯ ᠂ ᠤᠰᠤᠨ ᠴᠣᠷᠭᠤ ᠳᠤ ᠡᠪᠡᠳᠴᠢᠲᠡᠨ | ᠬᠦᠷᠦᠯᠴᠡᠭᠰᠡᠨ ᠤ ᠳᠠᠷᠠᠭ᠎ᠠ ᠵᠠᠪᠠᠯ ᠠᠷᠢᠭᠤᠳᠬᠠᠬᠤ | ᠬᠡᠷᠡᠭᠲᠡᠢ ᠃ ᠡᠭᠦᠨ ᠠᠴᠠ ᠭᠠᠳᠠᠨ᠎ᠠ ᠂ ᠨᠠᠰᠤᠲᠠᠶᠢᠴᠤᠳ ᠤᠨ | ᠪᠠᠶᠢᠳᠠᠯ ᠤᠨ ᠬᠤᠪᠢᠷᠠᠯᠲᠠ ᠶᠢ ᠠᠩᠬᠠᠷᠴᠤ ᠂ ᠬᠡᠷᠪᠡ | ᠠᠰᠠᠭᠤᠳᠠᠯ ᠭᠠᠷᠪᠠᠯ ᠡᠷᠲᠡᠬᠡᠨ ᠢᠯᠭᠠᠨ ᠲᠣᠳᠣᠯᠠᠵᠤ ᠂ ᠡᠷᠲᠡᠬᠡᠨ | ᠣᠨᠣᠰᠢᠯᠠᠬᠤ ᠬᠡᠷᠡᠭᠲᠡᠢ ᠃ | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖ | ᠨᠢᠭᠡᠳᠦᠭᠡᠷ ᠲᠤ ᠂ ᠨᠠᠰᠤᠲᠠᠶᠢᠴᠤᠳ ᠬᠡᠷᠪᠡ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ | ᠳᠠᠷᠠᠭ᠎ᠠ ᠂ ᠶᠠᠭᠤᠨ ᠤ ᠡᠮᠦᠨ᠎ᠡ ᠠᠵᠢᠭᠯᠠᠯᠲᠠ ᠪᠠ ᠬᠢᠨᠠᠨ | ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ ᠃ | ᠬᠤᠶᠠᠳᠤᠭᠠᠷ ᠲᠤ ᠂ ᠡᠳᠦᠷ ᠲᠤᠲᠤᠮ ᠤᠨ ᠰᠤᠪᠢᠯᠠᠯᠲᠠ ᠶᠢ | ᠴᠢᠩᠭᠠᠳᠬᠠᠬᠤ ᠬᠡᠷᠡᠭᠲᠡᠢ ᠂ ᠡᠨᠡ ᠬᠦ ᠡᠳᠦᠷ ᠲᠤᠲᠤᠮ ᠤᠨ | ᠰᠤᠪᠢᠯᠠᠯᠲᠠ ᠳᠤ ᠬᠠᠷᠠᠰᠣ ᠢᠳᠡᠭᠡᠨ ᠤᠮᠳᠠᠭᠠᠨ ᠢ | ᠪᠠᠭᠲᠠᠭᠠᠨ᠎ᠠ ᠃ ᠨᠠᠰᠤᠲᠠᠢ ᠬᠥᠮᠥᠨ | ᠬᠠᠯᠳᠠᠪᠤᠷᠢᠯᠠᠭᠳᠠᠭᠰᠠᠨ ᠤ ᠳᠠᠷᠠᠭ᠎ᠠ ᠬᠤᠳᠣᠭᠤᠳᠤ | ᠭᠡᠳᠡᠰᠦᠨ ᠤ ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ | ᠪᠠᠭ᠎ᠠ ᠢᠳᠡᠵᠦ ᠣᠯᠠᠨ ᠤᠳᠠᠭ᠎ᠠ ᠬᠤᠭᠤᠯᠠᠯᠠᠵᠤ ᠂ ᠨᠢᠭᠡ ᠤᠳᠠᠭ᠎ᠠ | ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ | ᠪᠥᠭᠡᠯᠵᠢᠬᠦ ᠠᠴᠠ ᠵᠠᠶᠢᠯᠠᠰᠬᠢᠬᠦ ᠶᠢ ᠰᠠᠨᠠᠭᠤᠯᠵᠤ | ᠪᠠᠶᠢᠨ᠎ᠠ︔ ᠡᠭᠦᠨ ᠠᠴᠠ ᠭᠠᠳᠠᠨ᠎ᠠ ᠨᠠᠰᠤᠲᠠᠶᠢᠴᠤᠳ ᠤᠨ | ᠤᠨᠲᠠᠵᠤ ᠠᠮᠠᠷᠠᠬᠤ ᠶᠢ ᠪᠠᠲᠤᠯᠠᠬᠤ ᠬᠡᠷᠡᠭᠲᠡᠢ︔ ᠪᠠᠰᠠ | ᠵᠣᠬᠢᠬᠤ ᠬᠡᠮᠵᠢᠶᠡᠨ ᠤ ᠤᠰᠤ ᠨᠥᠬᠦᠪᠦᠷᠢᠯᠡᠬᠦ ᠬᠡᠷᠡᠭᠲᠡᠢ ᠂ | ᠤᠰᠤᠨ ᠤ ᠬᠡᠮᠵᠢᠶ᠎ᠡ ᠶᠢ ᠢᠳᠡᠭᠡᠨ ᠤᠮᠳᠠᠭᠠᠨ ᠲᠠᠢ ᠠᠳᠠᠯᠢ | ᠪᠠᠶᠢᠯᠭᠠᠵᠤ ᠂ ᠪᠡᠶ᠎ᠡ ᠶᠢᠨ ᠳᠤᠯᠠᠭᠠᠨ ᠪᠠ ᠬᠥᠯᠥᠰᠦ ᠭᠠᠷᠬᠤ | ᠪᠠᠶᠢᠳᠠᠯ ᠲᠠᠢ ᠨᠢ ᠤᠶᠠᠯᠳᠤᠭᠤᠯᠤᠨ ᠵᠣᠬᠢᠰᠲᠠᠢ | ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ ᠃ ᠤᠰᠤ ᠶᠢ ᠪᠠᠰᠠ | ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠨᠥᠬᠦᠪᠦᠷᠢᠯᠡᠵᠦ ᠂ | ᠨᠢᠭᠡ ᠤᠳᠠᠭ᠎ᠠ ᠶᠡᠭᠡ ᠬᠡᠮᠵᠢᠶᠡᠨ ᠤ ᠤᠰᠤ ᠨᠥᠬᠦᠪᠦᠷᠢᠯᠡᠭᠡᠳ | ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ ᠵᠢᠷᠦᠬᠡᠨ ᠤ | ᠳᠠᠷᠤᠭᠠᠰᠤ ᠶᠢ ᠨᠢ ᠬᠦᠨᠳᠦᠷᠡᠭᠦᠯᠬᠦ ᠠᠴᠠ ᠰᠡᠷᠭᠡᠶᠢᠯᠡᠬᠦ | ᠬᠡᠷᠡᠭᠲᠡᠢ ᠃ | ᠭᠤᠷᠪᠠᠳᠤᠭᠠᠷ ᠲᠤ ᠂ ᠬᠠᠯᠠᠭᠤᠨ ᠢ ᠪᠠᠭᠤᠷᠠᠭᠤᠯᠬᠤ ᠡᠮ ᠢ | ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ | ᠪᠣᠯᠭᠤᠮᠵᠢᠲᠠᠢ ᠪᠠᠶᠢᠵᠤ ᠂ ᠪᠡᠶ᠎ᠡ ᠶᠢᠨ ᠳᠤᠯᠠᠭᠠᠨ ᠨᠢ ᠬᠡᠳᠦᠢ | ᠥᠨᠳᠥᠷ ᠂ ᠨᠠᠰᠤ ᠨᠢ ᠬᠡᠳᠦᠢ ᠥᠨᠳᠥᠷ ᠪᠣᠯ ᠂ ᠡᠮ | ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠬᠤ | ᠬᠡᠷᠡᠭᠲᠡᠢ ᠃ ᠡᠭᠦᠨ ᠳᠤ 38℃ ᠲᠤ 1 ᠦᠷᠢᠯ ᠂ 39℃ ᠲᠤ 2 ᠦᠷᠢᠯ | ᠭᠡᠬᠦ ᠮᠡᠲᠦ ᠪᠠᠷ ᠬᠡᠷᠡᠭᠯᠡᠬᠦ ᠪᠢᠰᠢ ᠃ ᠬᠠᠯᠠᠭᠤᠷᠠᠬᠤ ᠨᠢ | ᠬᠡᠳᠦᠢ ᠥᠨᠳᠥᠷ ᠪᠣᠯᠬᠤ ᠲᠤᠳᠤᠮ ᠂ ᠡᠮ ᠬᠡᠷᠡᠭᠯᠡᠬᠦ ᠳᠤ ᠪᠠᠨ | ᠲᠡᠳᠦᠢ ᠪᠣᠯᠭᠤᠮᠵᠢᠲᠠᠢ ᠪᠠᠶᠢᠬᠤ ᠬᠡᠷᠡᠭᠲᠡᠢ ᠃ ᠡᠨᠡ ᠨᠢ | ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ | ᠡᠮ ᠬᠡᠷᠡᠭᠯᠡᠭᠰᠡᠨ ᠤ ᠳᠠᠷᠠᠭ᠎ᠠ ᠨᠢᠭᠡ ᠤᠳᠠᠭ᠎ᠠ ᠶᠡᠭᠡ | ᠬᠡᠮᠵᠢᠶᠡᠨ ᠤ ᠬᠥᠯᠥᠰᠦ ᠭᠠᠷᠬᠤ ᠠᠴᠠ ᠪᠣᠯᠵᠤ ᠲᠠᠮᠢᠷᠳᠠᠨ | ᠮᠠᠨᠠᠷᠠᠬᠤ ᠪᠤᠶᠤ ᠴᠢᠨᠠᠭᠰᠢᠯᠠᠪᠠᠯ ᠴᠢᠰᠤᠨ ᠳᠠᠷᠤᠯᠲᠠ ᠳᠣᠣᠷ᠎ᠠ | ᠪᠣᠯᠬᠤ ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ ᠃ | ᠡᠭᠦᠨ ᠢ ᠤᠯᠠᠨ ᠳᠤ ᠣᠨᠴᠠᠭᠠᠶᠢᠯᠠᠨ ᠰᠠᠨᠠᠭᠤᠯᠵᠤ ᠪᠠᠶᠢᠨ᠎ᠠ ᠃ | ᠡᠭᠦᠨ ᠠᠴᠠ ᠭᠠᠳᠠᠨ᠎ᠠ ᠂ ᠡᠨᠡ ᠬᠤᠭᠤᠴᠠᠭᠠᠨ ᠳᠤ ᠬᠠᠯᠠᠭᠤᠨ ᠢ | ᠪᠠᠭᠤᠷᠠᠭᠤᠯᠬᠤ ᠶᠢ ᠤᠳᠠᠭᠠᠰᠢᠷᠠᠭᠤᠯᠵᠤ ᠂ ᠹᠢᠽᠢᠺ ᠤᠨ | ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ | ᠪᠠᠰᠠ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠳᠤ ᠪᠠᠨ | ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ | ᠵᠠᠶᠢᠯᠠᠰᠬᠢᠨ᠎ᠡ ᠃ ᠪᠠᠰᠠ ᠵᠠᠷᠢᠮ ᠲᠠᠭᠰᠢᠭᠤᠷ ᠤᠨ ᠡᠮ ᠨᠢ | ᠨᠡᠶᠢᠯᠡᠮᠡᠯ ᠵᠣᠷ ᠤᠨ ᠨᠠᠶᠢᠷᠠᠯᠭ᠎ᠠ ᠲᠠᠢ ᠪᠠᠶᠢᠵᠤ ᠂ ᠡᠰᠡᠷᠭᠦ | ᠫᠠᠷᠠᠽᠧᠲ᠋ᠠᠮᠣᠯ ᠠᠭᠤᠯᠵᠤ ᠮᠡᠳᠡᠨ᠎ᠡ ᠂ ᠬᠡᠷᠪᠡ ᠡᠳᠡᠭᠡᠷ ᠡᠮ ᠢ | ᠬᠠᠮᠲᠤ ᠳᠤ ᠨᠢ ᠬᠡᠷᠡᠭᠯᠡᠪᠡᠯ ᠡᠮ ᠤᠨ ᠬᠡᠮᠵᠢᠶ᠎ᠡ ᠨᠢ | ᠬᠡᠲᠦᠷᠡᠬᠦ ᠪᠠᠶᠢᠳᠠᠯ ᠭᠠᠷᠴᠤ ᠮᠡᠳᠡᠨ᠎ᠡ ᠃ ᠡᠶᠢᠮᠦ ᠠᠴᠠ | ᠡᠷᠬᠡᠪᠰᠢ ᠡᠮ ᠤᠨ ᠲᠣᠳᠣᠷᠬᠠᠶᠢᠯᠠᠯᠲᠠ ᠶᠢᠨ ᠪᠢᠴᠢᠭ ᠢ | ᠰᠠᠶᠢᠲᠤᠷ ᠯᠠᠪᠯᠠᠬᠤ ᠬᠡᠷᠡᠭᠲᠡᠢ ᠃ | ᠳᠥᠷᠪᠡᠳᠦᠭᠡᠷ ᠲᠤ ᠂ ᠬᠢᠲᠠᠳ ᠪᠡᠯᠡᠨ ᠡᠮ ᠃ ᠬᠢᠲᠠᠳ ᠪᠡᠯᠡᠨ | ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ ᠂ ᠵᠠᠪᠠᠯ | ᠴᠥᠭᠡᠨ ᠮᠥᠷᠲᠡᠭᠡᠨ ᠨᠠᠷᠢᠯᠢᠭ ᠪᠠᠶᠢᠬᠤ ᠬᠡᠷᠡᠭᠲᠡᠢ ᠃ ᠨᠢᠭᠡ | ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ ᠂ ᠠᠳᠠᠯᠢ | ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ ᠡᠮ ᠢ | ᠬᠠᠮᠲᠤ ᠳᠤ ᠨᠢ ᠬᠡᠷᠡᠭᠯᠡᠵᠦ ᠪᠣᠯᠬᠤ ᠦᠭᠡᠢ ᠃ | ᠲᠠᠪᠤᠳᠤᠭᠠᠷ ᠲᠤ ᠂ ᠰᠠᠭᠤᠷᠢ ᠡᠪᠡᠳᠴᠢᠨ ᠳᠠᠪᠬᠤᠴᠠᠭᠰᠠᠨ | ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠠᠳᠡ ᠬᠤᠶᠠᠷ | ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ ᠃ | ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ | ᠰᠡᠷᠭᠡᠶᠢᠯᠡᠬᠦ ᠡᠮ ᠂ ᠤᠴᠢᠷ ᠨᠢ ᠬᠠᠯᠠᠭᠤᠷᠠᠭᠰᠠᠨ ᠠᠴᠠ ᠪᠣᠯᠵᠤ | ᠶᠡᠭᠡ ᠬᠡᠮᠵᠢᠶᠡᠨ ᠤ ᠤᠰᠤ ᠠᠯᠳᠠᠭᠳᠠᠵᠤ ᠴᠢᠰᠤᠨ ᠳᠠᠷᠤᠯᠲᠠ ᠶᠢ | ᠪᠠᠭᠤᠷᠠᠭᠤᠯᠵᠤ ᠮᠡᠳᠡᠨ᠎ᠡ ᠃ ᠬᠠᠯᠠᠭᠤᠷᠠᠵᠤ ᠪᠠᠶᠢᠭ᠎ᠠ | ᠬᠤᠭᠤᠴᠠᠭᠠᠨ ᠳᠤ ᠂ ᠣᠨᠴᠠᠭᠠᠶᠢᠯᠠᠨ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ | ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ ᠬᠡᠷᠡᠭᠲᠡᠢ ᠃ | ᠬᠡᠷᠪᠡ ᠴᠢᠰᠤᠨ ᠳᠠᠷᠤᠯᠲᠠ ᠨᠢ ᠳᠣᠣᠷᠠᠳᠠᠵᠤ ᠬᠡᠪ ᠤᠨ | ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ | ᠪᠠᠭᠤᠷᠠᠭᠤᠯᠬᠤ ᠡᠮ ᠤᠨ ᠬᠡᠮᠵᠢᠶ᠎ᠡ ᠶᠢ ᠪᠠᠭᠠᠰᠬᠠᠬᠤ ᠪᠤᠶᠤ | ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ ᠂ ᠴᠢᠰᠤᠨ | ᠳᠠᠷᠤᠯᠲᠠ ᠨᠢ ᠬᠡᠪ ᠤᠨ ᠪᠠᠶᠢᠳᠠᠯ ᠳᠤ ᠪᠠᠨ ᠣᠷᠣᠭᠰᠠᠨ ᠤ | ᠳᠠᠷᠠᠭ᠎ᠠ ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ ᠃ | ᠨᠥᠭᠦᠭᠡ ᠨᠢᠭᠡ ᠨᠢ ᠴᠢᠰᠤᠨ ᠰᠢᠬᠢᠷ ᠢ ᠪᠠᠭᠤᠷᠠᠭᠤᠯᠬᠤ ᠡᠮ | ᠪᠣᠯᠣᠨ᠎ᠠ ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠢᠳᠡᠬᠦ | ᠬᠤᠭᠤᠯᠠᠨ ᠤ ᠬᠡᠮᠵᠢᠶ᠎ᠡ ᠨᠢ ᠮᠠᠰᠢ ᠪᠠᠭᠠᠳᠠᠵᠤ ᠮᠡᠳᠡᠨ᠎ᠡ ᠂ | ᠡᠶᠢᠮᠦ ᠠᠴᠠ ᠪᠢᠳᠡ ᠴᠢᠰᠤᠨ ᠰᠢᠬᠢᠷ ᠤᠨ ᠬᠤᠪᠢᠷᠠᠯᠲᠠ ᠶᠢ | ᠬᠢᠨᠠᠨ ᠰᠢᠨᠵᠢᠯᠡᠵᠦ ᠂ ᠴᠢᠰᠤᠨ ᠰᠢᠬᠢᠷ ᠳᠣᠣᠷ᠎ᠠ ᠪᠣᠯᠬᠤ ᠠᠴᠠ | ᠰᠡᠷᠭᠡᠶᠢᠯᠡᠬᠦ ᠬᠡᠷᠡᠭᠲᠡᠢ ᠃ | ᠬᠠᠮᠤᠭ ᠤᠨ ᠰᠡᠬᠦᠯ ᠳᠤ ᠂ ᠨᠠᠰᠤᠲᠠᠶᠢᠴᠤᠳ ᠲᠤ | ᠣᠨᠴᠠᠭᠠᠶᠢᠯᠠᠨ ᠰᠠᠨᠠᠭᠤᠯᠬᠤ ᠨᠢ ᠂ ᠨᠠᠰᠤᠲᠠᠶᠢᠴᠤᠳ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠂ | ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ ᠂ | ᠵᠠᠯᠠᠭᠤᠴᠤᠳ ᠲᠤ ᠴᠤ ᠡᠶᠢᠮᠦ ᠲᠥᠷᠥᠭᠳᠡᠯ ᠪᠠᠶᠢᠵᠤ ᠮᠡᠳᠡᠨ᠎ᠡ ᠃ | ᠬᠠᠯᠠᠭᠤᠷᠠᠭᠰᠠᠨ ᠤ ᠲᠠᠷᠠᠭ᠎ᠠ ᠵᠠᠮ ᠶᠠᠪᠤᠬᠤ ᠳᠤ ᠪᠠᠨ | ᠵᠢᠭᠠᠬᠠᠨ ᠬᠠᠶᠢᠪᠠᠯᠵᠠᠬᠤ ᠪᠣᠯᠣᠨ᠎ᠠ ᠂ ᠨᠠᠰᠤᠲᠠᠶᠢᠴᠤᠳ ᠲᠤ | ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ | ᠣᠶᠢᠴᠢᠳᠠᠭ ᠂ ᠣᠶᠢᠴᠢᠭᠰᠠᠨ ᠤ ᠲᠠᠷᠠᠭ᠎ᠠ ᠠᠮᠠᠷᠬᠠᠨ ᠶᠠᠰᠤ | ᠬᠤᠭᠤᠷᠠᠳᠠᠭ ᠶᠤᠮ ᠃ ᠡᠶᠢᠮᠦ ᠠᠴᠠ ᠨᠠᠰᠤᠲᠠᠶᠢᠴᠤᠳ | ᠬᠠᠯᠠᠭᠤᠷᠠᠬᠤ ᠂ ᠨᠡᠯᠢᠶᠡᠳ ᠲᠠᠮᠢᠷᠳᠠᠬᠤ ᠦᠶ᠎ᠡ ᠳᠤ | ᠣᠶᠢᠴᠢᠬᠤ ᠠᠴᠠ ᠣᠨᠴᠠ ᠰᠡᠷᠭᠡᠶᠢᠯᠡᠬᠦ ᠬᠡᠷᠡᠭᠲᠡᠢ ᠃ | ᠶᠠᠮᠠᠷ ᠪᠠᠶᠢᠳᠠᠯ ᠳᠤ ᠨᠠᠰᠤᠲᠠᠶᠢᠴᠤᠳ ᠤᠨ ᠡᠮᠨᠡᠯᠭᠡ ᠳᠤ | ᠣᠴᠢᠵᠤ ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ ᠪᠣᠶ︖ | ᠨᠢᠭᠡᠳᠦᠭᠡᠷ ᠲᠤ ᠂ ᠡᠪᠡᠳᠴᠢᠨ ᠤ ᠢᠯᠡᠷᠡᠯ ᠨᠢ | ᠦᠷᠭᠦᠯᠵᠢᠯᠡᠬᠦ ᠪᠤᠶᠤ ᠬᠦᠨᠳᠦᠷᠡᠬᠦ ᠂ ᠵᠢᠱᠢᠶᠡᠯᠡᠪᠡᠯ | ᠦᠷᠭᠦᠯᠵᠢᠯᠡᠨ ᠬᠠᠯᠠᠭᠤᠷᠠᠬᠤ ᠪᠤᠶᠤ ᠴᠢᠨᠠᠭᠰᠢᠯᠠᠪᠠᠯ | ᠬᠦᠨᠳᠦᠷᠡᠬᠦ ᠬᠠᠨᠳᠤᠰᠢ ᠲᠠᠢ ᠃ | ᠬᠤᠶᠠᠳᠤᠭᠠᠷ ᠲᠤ ᠂ ᠰᠢᠨ᠎ᠡ ᠡᠪᠡᠳᠴᠢᠨ ᠤ ᠰᠢᠨᠵᠢ ᠢᠯᠡᠷᠡᠬᠦ | ᠂ ᠵᠢᠱᠢᠶᠡᠯᠡᠪᠡᠯ ᠴᠡᠭᠡᠵᠢ ᠡᠪᠡᠳᠬᠦ ᠂ ᠠᠮᠢᠰᠬᠤᠯ ᠴᠢᠬᠤᠯᠳᠠᠬᠤ | ᠂ ᠥᠳᠬᠡᠨ ᠰᠢᠩᠭᠡᠨ ᠮᠥᠷ ᠠᠯᠳᠠᠭᠳᠠᠬᠤ ᠪᠤᠶᠤ ᠭᠡᠨᠡᠳᠲᠡ | ᠮᠥᠴᠢ ᠪᠠᠨ ᠬᠥᠳᠡᠯᠭᠡᠵᠦ ᠳᠡᠶᠢᠯᠬᠦ ᠦᠭᠡᠢ ᠪᠣᠯᠬᠤ ᠂ | ᠣᠨᠴᠠᠭᠠᠶᠢᠯᠠᠨ ᠥᠷᠥᠭᠡᠰᠦᠨ ᠲᠠᠯ᠎ᠠ ᠶᠢᠨ ᠮᠥᠴᠢ ᠶᠢᠨ | ᠬᠥᠳᠡᠯᠭᠡᠭᠡᠨ ᠬᠢᠵᠦ ᠳᠡᠶᠢᠯᠬᠦ ᠦᠭᠡᠢ ᠪᠣᠯᠬᠤ ᠂ ᠡᠰᠡᠬᠦᠯ᠎ᠡ | ᠬᠤᠭᠤᠯᠠ ᠢᠳᠡᠵᠦ ᠳᠡᠶᠢᠯᠬᠦ ᠦᠭᠡᠢ ᠪᠣᠯᠬᠤ ᠂ ᠳᠤᠷ᠎ᠠ ᠪᠣᠯᠭᠢᠵᠤ | ᠪᠥᠭᠡᠯᠵᠢᠬᠦ ᠪᠠᠶᠢᠳᠠᠯ ᠢᠯᠡᠷᠡᠬᠦ ᠂ ᠡᠰᠡᠬᠦᠯ᠎ᠡ ᠳᠠᠩᠳᠠ | ᠤᠨᠲᠠᠬᠤ ᠪᠠᠶᠢᠳᠠᠯ ᠲᠠᠢ ᠪᠣᠯᠬᠤ ᠂ ᠬᠥᠮᠥᠨ ᠢ ᠲᠠᠨᠢᠬᠤ ᠦᠭᠡᠢ | ᠪᠣᠯᠬᠤ ᠂ ᠲᠣᠭᠲᠠᠭᠰᠠᠨ ᠴᠢᠭᠯᠡᠯ ᠤᠨ ᠰᠠᠭᠠᠳ ᠲᠠᠢ ᠪᠣᠯᠬᠤ | ᠵᠡᠷᠭᠡ ᠨᠢ ᠪᠦᠷ ᠠᠶᠤᠯ ᠲᠦᠭᠰᠢᠭᠦᠷᠢ ᠶᠢᠨ ᠳᠣᠬᠢᠶ᠎ᠠ ᠪᠣᠯᠣᠨ᠎ᠠ | ᠃ ᠡᠭᠦᠨ ᠠᠴᠠ ᠭᠠᠳᠠᠨ᠎ᠠ ᠂ ᠰᠠᠭᠤᠷᠢ ᠡᠪᠡᠳᠴᠢᠨ ᠨᠢ | ᠬᠦᠨᠳᠦᠷᠡᠬᠦ ᠂ ᠵᠢᠱᠢᠶᠡᠯᠡᠪᠡᠯ ᠨᠠᠰᠤᠲᠠᠶᠢᠴᠤᠳ ᠤᠤᠯ ᠳᠤ ᠪᠠᠨ | ᠵᠢᠷᠦᠬᠡᠨ ᠤ ᠲᠢᠲᠢᠮ ᠡᠪᠡᠳᠴᠢᠨ ᠲᠠᠢ ᠪᠣᠯ ᠂ ᠵᠢᠷᠦᠬᠡ | ᠪᠠᠵᠠᠯᠠᠨ ᠡᠪᠡᠳᠬᠦ ᠢᠯᠡᠷᠡᠯ ᠲᠠᠢ ᠂ ᠤᠤᠯ ᠨᠢ ᠠᠭᠤᠰᠬᠢᠨ ᠤ | ᠠᠷᠬᠠᠭ ᠡᠪᠡᠳᠴᠢᠨ ᠪᠤᠶᠤ ᠠᠭᠰᠠᠭ᠎ᠠ ᠲᠠᠢ ᠪᠣᠯ ᠂ ᠠᠭᠤᠰᠬᠢᠨ ᠤ | ᠠᠷᠬᠠᠭ ᠡᠪᠡᠳᠴᠢᠨ ᠪᠠ ᠠᠭᠰᠠᠭ᠎ᠠ ᠨᠢ ᠬᠦᠨᠳᠦᠷᠡᠬᠦ | ᠢᠯᠡᠷᠡᠯ ᠲᠠᠢ ᠪᠠᠶᠢᠵᠤ ᠂ ᠬᠦᠨᠳᠦᠷᠡᠬᠦ ᠦᠶ᠎ᠡ ᠳᠤ | ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ | ᠣᠨᠴᠠᠭᠠᠶᠢᠯᠠᠨ ᠰᠠᠨᠠᠭᠤᠯᠵᠤ ᠪᠠᠶᠢᠨ᠎ᠠ ᠃ | ᠡᠭᠦᠨ ᠠᠴᠠ ᠭᠠᠳᠠᠨ᠎ᠠ ᠂ ᠵᠠᠷᠢᠮ ᠰᠠᠭᠤᠷᠢ ᠡᠪᠡᠳᠴᠢᠨ ᠤ ᠲᠣᠰ | ᠪᠡᠶ᠎ᠡ ᠨᠢ ᠲᠣᠭᠲᠠᠭᠤᠨ ᠪᠤᠰᠤ ᠪᠠᠶᠢᠳᠠᠭ ᠂ ᠵᠢᠱᠢᠶᠡᠯᠡᠪᠡᠯ | ᠠᠮᠢᠰᠬᠤᠯ ᠤᠨ ᠰᠢᠰᠲ᠋ᠧᠮ ᠤᠨ ᠬᠦᠨᠳᠦ ᠡᠪᠡᠳᠴᠢᠨ ᠲᠠᠢ ᠂ | ᠵᠢᠷᠦᠬᠡᠨ ᠤ ᠬᠦᠨᠳᠦ ᠡᠪᠡᠳᠴᠢᠨ ᠲᠠᠢ ᠂ ᠡᠰᠡᠬᠦᠯ᠎ᠡ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ | ᠬᠢᠭᠰᠡᠨ ᠦᠭᠡᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠪᠣᠯ ᠬᠦᠨᠳᠦ ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠂ ᠠᠶᠤᠯ ᠶᠡᠬᠡᠲᠡᠢ ᠬᠥᠮᠥᠰ ᠤᠨ ᠳᠤᠮᠳᠠ ᠠᠶᠤᠯ | ᠶᠡᠬᠡᠲᠡᠢ ᠬᠥᠮᠥᠰ ᠪᠣᠯᠬᠤᠷ ᠣᠨᠴᠠᠭᠠᠶ ᠠᠩᠬᠠᠷᠬᠤ ᠴᠢᠬᠤᠯᠠᠲᠠᠢ | ᠶᠤᠮ ᠃ | ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ | ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ ᠪᠠᠶᠢᠳᠠᠭ | ᠪᠣᠶ︖ | ᠡᠭᠦᠨ ᠳᠤ ᠬᠤᠶᠠᠷ ᠰᠢᠯᠲᠠᠭᠠᠨ ᠪᠣᠶ ᠂ ᠨᠢᠭᠡ ᠳᠤ ᠂ ᠨᠠᠰᠤ ᠨᠢ | ᠨᠡᠮᠡᠭᠳᠡᠬᠦ ᠶᠢ ᠳᠠᠭᠠᠯᠳᠤᠨ ᠂ ᠲᠡᠭᠦᠨ ᠤ ᠡᠭᠡᠯᠢᠯᠡᠭᠡ ᠶᠢᠨ | ᠴᠢᠳᠠᠪᠤᠷᠢ ᠨᠢ ᠮᠠᠭᠤᠳᠠᠵᠤ ᠪᠠᠶᠢᠨ᠎ᠠ ᠂ ᠬᠤᠶᠠᠷ ᠲᠤ ᠂ | ᠣᠯᠠᠩᠬᠢ ᠨᠠᠰᠤᠲᠠᠶᠢᠴᠤᠳ ᠴᠥᠮ ᠰᠠᠭᠤᠷᠢ ᠴᠢᠨᠠᠷᠲᠠᠢ | ᠡᠪᠡᠳᠴᠢᠨ ᠳᠤ ᠨᠡᠷᠪᠡᠭᠳᠡᠵᠦ ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠂ ᠡᠨᠡ ᠬᠦ | ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ | ᠲᠦᠭᠰᠢᠭᠦᠷᠢ ᠲᠠᠢ ᠪᠠᠶᠢᠳᠠᠭ ᠃ | ᠡᠶᠢᠮᠦ ᠪᠠᠶᠢᠳᠠᠯ ᠳᠣᠣᠷ᠎ᠠ ᠂ ᠨᠠᠰᠤᠲᠠᠶᠢᠴᠤᠳ ᠭᠠᠭᠴᠠᠭᠠᠷ | ᠰᠠᠭᠤᠵᠤ ᠪᠠᠶᠢᠭᠰᠠᠨ ᠴᠤ ᠲᠡᠷᠡ ᠂ ᠭᠡᠷ ᠤᠨ ᠬᠥᠮᠥᠰ ᠲᠠᠢ ᠪᠠᠨ | ᠬᠠᠮᠲᠤ ᠰᠠᠭᠤᠵᠤ ᠪᠠᠶᠢᠭᠰᠠᠨ ᠴᠤ ᠲᠡᠷᠡ ᠂ ᠸᠠᠺᠼᠢᠨ ᠤ | ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ ᠶᠤᠮ ᠪᠣᠯ ᠂ | ᠲᠠᠷᠢᠯᠭ᠎ᠠ ᠶᠢ ᠬᠢᠵᠦ ᠳᠠᠭᠤᠰᠬᠠᠬᠤ ᠶᠢ ᠰᠠᠨᠠᠭᠤᠯᠵᠤ | ᠪᠠᠶᠢᠨ᠎ᠠ ᠃ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ ᠂ | ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ ᠃ | ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ | ᠨᠠᠰᠤᠲᠠᠶᠢᠴᠤᠳ ᠲᠤ ᠬᠡᠵᠢᠶᠡᠳᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ | ᠦᠦ︖ | ᠸᠠᠺᠼᠢᠨ ᠤ ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ | ᠨᠢᠭᠡᠨ ᠴᠢᠩᠭ᠎ᠠ ᠴᠡᠭᠡᠷ ᠪᠠᠶᠢᠳᠠᠭ ᠂ ᠲᠤᠬᠠᠶᠢᠯᠠᠪᠠᠯ | ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠬᠦᠨᠳᠦ | ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ | ᠸᠠᠺᠼᠢᠨ ᠢ ᠳᠠᠬᠢᠵᠤ ᠳᠠᠷᠢᠵᠤ ᠪᠣᠯᠬᠤ ᠦᠭᠡᠢ ᠃ ᠪᠤᠰᠤᠳ ᠣᠯᠠᠩᠬᠢ | ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ ᠪᠣᠯᠬᠤ | ᠪᠠᠶᠢᠳᠠᠯ ᠳᠤ ᠲᠣᠭᠠᠴᠠᠭᠳᠠᠨ᠎ᠠ ᠂ ᠡᠭᠦᠨ ᠳᠤ ᠡᠮᠦᠨᠡᠬᠢ | ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ | ᠦᠨᠡᠯᠡᠨ ᠵᠢᠱᠢᠬᠦ ᠶᠠᠪᠤᠴᠠ ᠳᠤ ᠸᠠᠺᠼᠢᠨ ᠤ ᠲᠠᠷᠢᠯᠭ᠎ᠠ ᠬᠢᠵᠦ | ᠪᠣᠯᠬᠤ ᠦᠭᠡᠢ ᠪᠠᠶᠢᠳᠠᠯ ᠢ ᠪᠠᠭᠲᠠᠭᠠᠨ᠎ᠠ ᠂ ᠡᠭᠦᠨ ᠳᠤ | ᠣᠯᠠᠩᠬᠢ ᠨᠢ ᠠᠯᠭᠤᠷ ᠲᠠᠷᠢᠯᠭ᠎ᠠ ᠬᠢᠬᠦ ᠪᠠᠶᠢᠳᠠᠯ ᠳᠤ | ᠲᠣᠭᠠᠴᠠᠭᠳᠠᠨ᠎ᠠ ᠃ | ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ | ᠡᠪᠡᠳᠴᠢᠨ ᠲᠠᠢ ᠪᠣᠯ ᠡᠬᠢᠨ ᠤ ᠬᠤᠭᠤᠴᠠᠭᠠᠨ ᠳᠤ ᠲᠦᠷᠭᠡᠨ | ᠴᠢᠨᠠᠷᠲᠠᠢ ᠬᠥᠳᠡᠯᠬᠦ ᠬᠤᠭᠤᠴᠠᠭᠠᠨ ᠳᠤ ᠣᠷᠣᠰᠢᠵᠤ ᠂ ᠬᠡᠰᠡᠭ | ᠬᠤᠭᠤᠴᠠᠭ᠎ᠠ ᠡᠮᠨᠡᠭᠦᠯᠦᠭᠰᠡᠨ ᠤ ᠳᠠᠷᠠᠭ᠎ᠠ ᠲᠣᠭᠲᠠᠮᠠᠯ | ᠬᠤᠭᠤᠴᠠᠭᠠᠨ ᠳᠤ ᠣᠷᠣᠰᠢᠬᠤ ᠂ ᠥᠭᠡᠷ᠎ᠡ ᠪᠠᠷ ᠬᠡᠯᠡᠪᠡᠯ | ᠣᠨᠴᠠᠭᠠᠶ ᠵᠠᠰᠠᠯ ᠠᠴᠠ ᠪᠣᠯᠵᠤ ᠸᠠᠺᠼᠢᠨ ᠤ ᠲᠠᠷᠢᠯᠭ᠎ᠠ ᠬᠢᠵᠦ | ᠪᠣᠯᠬᠤ ᠦᠭᠡᠢ ᠪᠠᠶᠢᠭᠰᠠᠨ ᠪᠣᠯ ᠂ ᠡᠶᠢᠮᠦᠷᠬᠦᠦ ᠣᠨᠴᠠᠭᠠᠶ | ᠵᠠᠰᠠᠯ ᠨᠢ ᠳᠠᠭᠤᠰᠤᠭᠰᠠᠨ ᠤ ᠳᠠᠷᠠᠭ᠎ᠠ ᠡᠲᠡᠭᠡᠷ ᠬᠥᠮᠥᠰ ᠴᠥᠮ | ᠲᠠᠷᠢᠯᠭ᠎ᠠ ᠬᠢᠬᠦ ᠶᠢ ᠪᠣᠳᠣᠯᠬᠢᠯᠠᠵᠤ ᠪᠣᠯᠣᠨ᠎ᠠ ᠃ | ᠢᠯᠠᠩᠭᠤᠶ᠎ᠠ ᠣᠳᠣᠬᠠᠨ ᠳᠤ ᠡᠶᠢᠮᠦᠷᠬᠦᠦ ᠬᠢᠵᠢᠭ ᠳᠡᠯᠭᠡᠷᠡᠬᠦ | ᠬᠦᠴᠦᠯᠡᠴᠡ ᠨᠢ ᠨᠡᠯᠢᠶᠡᠳ ᠴᠢᠩᠭ᠎ᠠ ᠂ ᠬᠠᠯᠳᠠᠪᠤᠷᠢᠯᠠᠬᠤ ᠡᠬᠢ | ᠰᠤᠷᠪᠤᠯᠵᠢ ᠨᠢ ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ | ᠂ ᠡᠲᠡᠭᠡᠷ ᠬᠥᠮᠥᠰ ᠲᠤ ᠳᠠᠬᠢᠨᠲᠠ ᠦᠨᠡᠯᠡᠨ ᠵᠢᠱᠢᠯᠲᠡ ᠬᠢᠵᠦ | ᠲᠠᠷᠢᠯᠭ᠎ᠠ ᠬᠢᠵᠦ ᠪᠣᠯᠬᠤ ᠳᠤ ᠬᠦᠷᠪᠡᠯ ᠳᠠᠷᠤᠢ ᠲᠠᠷᠢᠯᠭ᠎ᠠ | ᠬᠢᠵᠦ ᠪᠣᠯᠣᠨ᠎ᠠ ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠵᠢᠷᠦᠬᠡ ᠴᠢᠰᠤᠨ ᠰᠤᠳᠠᠯ ᠤᠨ ᠡᠪᠡᠳᠴᠢᠲᠡᠨ ᠲᠣᠳᠣᠯᠠᠭᠰᠠᠨ | ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ | ᠳᠠᠷᠠᠭ᠎ᠠ᠂ ᠭᠡᠷ ᠲᠤ ᠪᠠᠨ ᠡᠮᠨᠡᠨ ᠵᠠᠰᠠᠬᠤ ᠳᠤ ᠶᠠᠭᠤ ᠶᠢ | ᠠᠩᠬᠠᠷᠪᠠᠯ ᠵᠣᠬᠢᠬᠤ ᠪᠣᠢ︖ | ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ | ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ ᠵᠣᠪᠠᠭ᠋ᠤ | ᠬᠡᠷᠡᠭ ᠦᠭᠡᠢ᠂ ᠲᠡᠳᠡ ᠭᠡᠷ ᠲᠤ ᠪᠠᠨ ᠰᠠᠭᠤᠵᠤ ᠤᠤᠯ ᠤᠨ | ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ | ᠲᠡᠳᠡᠨᠦᠰ ᠤᠨ ᠣᠯᠠᠩᠬᠢ ᠨᠢ ᠪᠦᠷ ᠵᠢᠷᠦᠬᠡᠨ ᠤ ᠲᠢᠲᠢᠮ | ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ | ᠮᠠᠭᠤᠳᠠᠬᠤ ᠮᠡᠲᠦ ᠶᠢᠨ ᠡᠪᠡᠳᠴᠢᠨ ᠳᠤ ᠨᠡᠷᠪᠡᠭᠳᠡᠵᠦ᠂ ᠪᠦᠷ | ᠰᠠᠭᠤᠷᠢ ᠡᠪᠡᠳᠴᠢᠨ ᠤ ᠡᠮ ᠤᠤᠭᠤᠵᠤ ᠪᠠᠶᠢᠳᠠᠭ᠃ | ᠶᠡᠭᠡ ᠪᠠᠷ ᠬᠠᠯᠠᠭᠤᠷᠠᠭᠰᠠᠨ ᠤ ᠳᠠᠷᠠᠭ᠎ᠠ ᠤᠰᠤ ᠠᠷᠪᠢᠨ | ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ | ᠮᠡᠳᠡᠨ᠎ᠡ᠂ ᠵᠢᠱᠢᠶᠡᠯᠡᠪᠡᠯ ᠪᠤᠯᠴᠢᠩ ᠮᠢᠬ᠎ᠠ ᠱᠠᠷᠬᠢᠷᠠᠵᠤ | ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ | ᠵᠠᠰᠠᠯ ᠤᠨ ᠡᠮ ᠵᠡᠷᠭᠡ ᠨᠢ ᠣᠳᠣᠬᠠᠨ ᠳᠤ ᠲᠡᠳᠡᠭᠡᠷ ᠤᠨ | ᠬᠤᠭᠤᠷᠣᠨᠳᠣᠬᠢ ᠡᠰᠡᠷᠭᠦ ᠦᠢᠯᠡᠳᠦᠯ ᠢ ᠬᠠᠷᠠᠬᠠᠨ ᠣᠯᠵᠤ | ᠮᠡᠳᠡᠭᠡᠳᠦᠢ ᠂ ᠡᠶᠢᠮᠦ ᠠᠴᠠ ᠰᠠᠨᠠᠭ᠎ᠠ ᠵᠣᠪᠠᠭᠰᠠᠨ ᠤ ᠬᠡᠷᠡᠭ | ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ | ᠭᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠭᠦᠰᠬᠡᠬᠦ | ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ | ᠰᠠᠭᠤᠷᠢ ᠡᠪᠡᠳᠴᠢᠨ ᠢ ᠰᠠᠶᠢᠲᠤᠷ ᠵᠠᠰᠠᠬᠤ ᠳᠤ᠂ ᠤᠤᠯ ᠤᠨ | ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ | ᠡᠮ ᠢᠶᠠᠨ ᠰᠠᠶᠢᠲᠤᠷ ᠬᠡᠷᠡᠭᠯᠡᠵᠦ᠂ ᠪᠡᠶ᠎ᠡ ᠮᠠᠬᠠᠪᠤᠳ ᠤᠨ | ᠡᠭᠡᠯᠢᠯᠡᠭᠡ ᠶᠢᠨ ᠴᠢᠳᠠᠯ ᠢᠶᠠᠨ ᠨᠡᠮᠡᠭᠳᠡᠭᠦᠯᠦᠨ᠂ | ᠤᠨᠲᠠᠯᠭ᠎ᠠ ᠪᠠᠨ ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ | ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ | ᠡᠪᠡᠳᠴᠢᠲᠡᠨ ᠨᠢ ᠮᠠᠰᠢ ᠣᠯᠠᠨ ᠨᠠᠵᠠᠭᠠᠢ ᠰᠤᠷᠠᠭ ᠴᠢᠮᠡᠭᠡ ᠶᠢ | ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ | ᠡᠶᠢᠮᠦ ᠠᠴᠠ ᠠᠶᠤᠵᠤ ᠰᠦᠷᠳᠡᠭᠰᠡᠨ ᠤ ᠬᠡᠷᠡᠭ ᠦᠭᠡᠢ᠂ | ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ | ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ ᠤᠤᠭᠤᠵᠤ | ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ | ᠦᠭᠡᠢ᠂ ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ | ᠪᠤᠶᠤ ᠬᠦᠨᠳᠦᠷᠡᠭᠦᠯᠵᠦ ᠮᠡᠳᠡᠨ᠎ᠡ᠃ ᠬᠡᠷᠪᠡ ᠦᠷᠭᠦᠯᠵᠢᠯᠡᠭᠰᠡᠨ | ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ | ᠣᠴᠢᠵᠤ ᠪᠠᠶᠢᠴᠠᠭᠠᠯᠭᠠᠬᠤ ᠬᠡᠷᠡᠭᠲᠡᠢ᠃ ᠡᠮᠨᠡᠯᠭᠡ ᠶᠢᠨ | ᠬᠤᠷᠢᠶ᠎ᠠ 24 ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ | ᠨᠢᠭᠡ ᠠᠯᠬᠤᠮ ᠣᠨᠣᠰᠢᠯᠠᠬᠤ ᠪᠠ ᠡᠮᠨᠡᠨ ᠵᠠᠰᠠᠭᠤᠯᠵᠤ ᠪᠣᠯᠣᠨ᠎ᠠ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖ | ᠤᠤᠯ ᠳᠤ ᠪᠠᠨ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ | ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ ᠥᠨᠳᠥᠷ᠂ | ᠵᠢᠷᠦᠬᠡᠨ ᠤ ᠲᠢᠲᠢᠮ ᠡᠪᠡᠳᠴᠢᠨ᠂ ᠵᠢᠷᠦᠬᠡ ᠮᠠᠭᠤᠳᠠᠬᠤ ᠵᠡᠷᠭᠡ | ᠡᠪᠡᠳᠴᠢᠲᠡᠨ᠂ ᠪᠠᠰᠠ ᠵᠢᠷᠦᠬᠡᠨ ᠤ ᠵᠠᠰᠠᠯ ᠬᠢᠯᠭᠡᠭᠰᠡᠨ | ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ ᠮᠡᠰᠡ ᠵᠠᠰᠠᠯ | ᠬᠢᠯᠭᠡᠭᠰᠡᠨ ᠡᠪᠡᠳᠴᠢᠲᠡᠨ ᠭᠡᠷ ᠲᠤ ᠪᠠᠨ ᠰᠠᠭᠤᠬᠤ ᠳᠤ ᠪᠠᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ | ᠬᠡᠷᠡᠭᠲᠡᠢ᠃ | ᠳᠣᠣᠷᠠᠬᠢ ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ | ᠲᠣᠭᠲᠠᠭᠠᠭᠰᠠᠨ ᠭᠡᠷ ᠪᠦᠯᠢ ᠶᠢᠨ ᠠᠮᠢᠳᠤᠷᠠᠯ ᠤᠨ ᠵᠠᠷᠴᠢᠮ | ᠪᠣᠯᠣᠨ᠎ᠠ᠄ | ᠨᠢᠭᠡᠳᠦᠭᠡᠷ ᠲᠤ᠂ ᠢᠳᠡᠭᠡᠨ ᠤᠮᠳᠠᠭᠠᠨ ᠢᠶᠠᠨ ᠵᠣᠬᠢᠰᠲᠠᠢ | ᠪᠠᠶᠢᠯᠭᠠᠬᠤ ᠬᠡᠷᠡᠭᠲᠡᠢ᠃ ᠰᠢᠬᠢᠷ ᠲᠣᠰᠣ ᠳᠠᠪᠤᠰᠤ ᠶᠢ | ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ ᠮᠡᠨᠳᠦ ᠳᠤ ᠠᠰᠢᠭ | ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ | ᠨᠡᠮᠡᠭᠳᠡᠭᠦᠯᠦᠨ᠎ᠡ᠂ ᠡᠶᠢᠮᠦ ᠠᠴᠠ ᠵᠠᠪᠠᠯ ᠰᠢᠬᠢᠷ ᠲᠣᠰᠣ | ᠳᠠᠪᠤᠰᠤ ᠢᠳᠡᠬᠦ ᠬᠡᠮᠵᠢᠶ᠎ᠡ ᠪᠠᠨ ᠬᠢᠵᠠᠭᠠᠷᠯᠠᠬᠤ | ᠬᠡᠷᠡᠭᠲᠡᠢ᠃ | ᠬᠤᠶᠠᠳᠤᠭᠠᠷ ᠲᠤ᠂ ᠲᠠᠮᠠᠬᠢ ᠪᠠᠨ ᠵᠣᠭᠰᠣᠵᠤ ᠠᠷᠢᠬᠢ ᠪᠠᠨ | ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ | ᠳᠡᠭᠡᠭᠰᠢᠬᠢ ᠠᠷᠢᠬᠢ ᠨᠢ ᠰᠢᠨ᠎ᠡ ᠲᠢᠲᠢᠮᠯᠢᠭ ᠸᠢᠷᠦ᠋ᠰ ᠢ | ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ | ᠤᠤᠭᠤᠪᠠᠯ ᠯᠠᠪᠲᠠᠢ ᠤᠷᠢᠳ ᠢᠶᠠᠷ ᠵᠢᠷᠦᠬᠡᠨ ᠡᠪᠡᠳᠴᠢᠨ ᠢ | ᠬᠥᠳᠡᠯᠭᠡᠨ᠎ᠡ᠃ ᠡᠶᠢᠮᠦ ᠠᠴᠠ ᠲᠠᠮᠠᠬᠢ ᠪᠠᠨ ᠵᠣᠭᠰᠣᠵᠤ | ᠠᠷᠢᠬᠢ ᠪᠠᠨ ᠬᠢᠵᠠᠭᠠᠷᠯᠠᠬᠤ ᠨᠢ ᠵᠢᠷᠦᠬᠡ ᠴᠢᠰᠤᠨ ᠰᠤᠳᠠᠯ ᠤᠨ | ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ | ᠰᠠᠨᠠᠭᠤᠯᠵᠤ ᠪᠠᠶᠢᠨ᠎ᠠ᠃ | ᠭᠤᠷᠪᠠᠳᠤᠭᠠᠷ ᠲᠤ᠂ ᠵᠣᠬᠢᠬᠤ ᠬᠡᠮᠵᠢᠶᠡᠨ ᠤ ᠬᠥᠳᠡᠯᠭᠡᠭᠡᠨ | ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ | ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠪᠣᠯ | ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ | ᠠᠩᠬᠠᠷᠴᠤ᠂ ᠬᠦᠴᠢᠯᠲᠥ᠋ᠷᠥᠭᠴᠢ ᠦᠭᠡᠢ ᠬᠥᠳᠡᠯᠭᠡᠭᠡᠨ ᠬᠢᠵᠦ᠂ | ᠶᠠᠯᠢᠩ ᠡᠷᠭᠦᠬᠦ ᠪᠤᠶᠤ ᠤᠰᠤᠨ ᠯᠣᠩᠬᠤ ᠪᠠᠷ ᠮᠥᠴᠢ ᠶᠢᠨ | ᠬᠥᠳᠡᠯᠭᠡᠭᠡᠨ ᠬᠢᠵᠦ ᠪᠣᠯᠣᠨ᠎ᠠ᠂ ᠮᠥᠴᠢ ᠶᠢᠨ | ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ | ᠴᠢᠰᠤᠨ ᠰᠤᠳᠠᠯ ᠳᠤ ᠪᠦᠷ ᠰᠠᠶᠢᠨ ᠪᠠᠶᠢᠳᠠᠭ᠃ | ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ | ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ ᠳᠠᠪᠠᠭ᠋ᠤ | ᠬᠡᠷᠡᠭᠲᠡᠢ᠃ ᠡᠨᠡ ᠬᠦ ᠰᠢᠨ᠎ᠡ ᠲᠢᠲᠢᠮᠯᠢᠭ ᠸᠢᠷᠦ᠋ᠰ ᠨᠢ ᠶᠠᠭ | ᠪᠢᠳᠡᠨ ᠤ ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ | ᠯᠠᠪᠲᠠᠢ ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ | ᠰᠤᠳᠠᠯ ᠤᠨ ᠡᠪᠡᠳᠴᠢᠨ ᠢᠶᠠᠨ ᠬᠦᠨᠳᠦᠷᠡᠭᠦᠯᠵᠦ ᠪᠣᠯᠬᠤ ᠦᠭᠡᠢ᠂ | ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ | ᠬᠦᠨᠳᠦᠷᠡᠬᠦ ᠠᠴᠠ ᠰᠡᠷᠭᠡᠶᠢᠯᠡᠬᠦ ᠬᠡᠷᠡᠭᠲᠡᠢ᠃ | |