ᠤᠷᠠᠳ ᠤᠨ ᠬᠤᠶᠢᠲᠤ ᠬᠤᠰᠢᠭᠤᠨ ᠤ ᠭᠤᠣᠯᠳᠠᠯᠭ᠎ᠠ ᠲᠠᠢ ᠣᠷᠣᠨ  ᠪᠦᠰᠠ ᠶᠢᠨ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/12/2
              ᠤᠷᠠᠳ ᠬᠤᠶᠢᠳᠤ ᠰᠡᠷᠭᠡᠶᠢᠯᠠᠨ ᠵᠢᠯᠤᠭᠤᠳᠬᠤ ᠵᠠᠷᠯᠠᠯ  ﹇2022﹈ 93 ᠳ᠋ᠤᠭᠠᠷ ᠲᠣᠭᠠᠲᠤ                     ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ ᠂ 12 ᠰᠠᠷ᠎ᠠ ᠶᠢᠨ 1 ᠤ ᠡᠳᠦᠷ ᠤᠷᠠᠳ ᠤᠨ ᠬᠤᠶᠢᠲᠤ ᠬᠤᠰᠢᠭᠤᠨ ᠤ  ᠪᠠᠶᠠᠨᠪᠤᠯᠠᠭ ᠪᠠᠯᠭᠠᠰᠤ᠂ ᠬᠦᠬᠡᠨ᠋ᠦ᠋ᠨᠳᠤᠷ ᠪᠠᠯᠭᠠᠰᠤ᠂  ᠤᠦ  ᠶᠢᠨ ᠭᠤᠤᠯ ᠰᠤᠮᠤ᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠵᠡᠷᠭᠡ ᠬᠦᠷᠢᠶ᠎ᠡ ᠬᠡᠪᠴᠢᠶᠡᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠪᠠ᠃ ᠥᠷᠭᠡᠨ ᠣᠯᠠᠨ ᠰᠠᠭᠤᠭᠠᠯᠢ ᠠᠷᠠᠳ ᠤᠨ ᠢᠳᠡᠪᠬᠢᠲᠡᠶ ᠬᠠᠮᠵᠢᠯᠴᠠᠭ᠎ᠠ ᠶᠢᠨ ᠳᠣᠤᠷ᠎ᠠ᠂ ᠪᠥᠬᠦ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠺᠠᠳ᠋ᠷ ᠵᠡᠷᠭᠡ ᠶᠢᠨ ᠰᠢᠷᠭᠠᠭᠤ  ᠴᠢᠷᠮᠠᠶᠢᠯᠭ᠎ᠠ ᠳᠣᠤᠷ᠎ᠠ᠂ ᠨᠡᠶᠢᠲᠡ 50448 ᠬᠥᠮᠦᠨ ᠤ ᠥᠯᠢᠭᠡᠷ ᠡᠳ᠋  ᠢ ᠠᠪᠴᠤ᠂ ᠪᠥᠭᠡᠮ ᠬᠦᠴᠢᠯ ᠤᠨ ᠪᠠᠶᠢᠴᠠᠭᠠᠯᠳᠠ ᠬᠢᠭᠰᠡᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ   ᠪᠠᠶᠢᠨ᠎ᠠ᠃              ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠬᠦᠴᠦᠨ ᠦᠭᠡᠢ ᠪᠣᠯᠭᠠᠵᠤ᠂ ᠥᠷᠭᠡᠨ ᠤᠯᠠᠨ ᠰᠠᠭᠤᠭᠠᠯᠢ ᠠᠷᠠᠳ ᠪᠠᠯᠭᠠᠰᠤᠨ ᠤ ᠬᠡᠪᠴᠢᠶᠡᠨ ᠳᠤ ᠡᠮᠬᠢ ᠵᠢᠷᠤᠮ ᠲᠠᠢ ᠪᠠᠷ  ᠤᠷᠤᠵᠤ ᠭᠠᠷᠴᠤ ᠪᠣᠯᠤᠨ᠎ᠠ᠃              ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠳᠤᠮᠵᠢ ᠶᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠦᠷᠭᠦᠯᠵᠢᠯᠡᠨ ᠳᠡᠮᠵᠢᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠪᠠᠯ ᠭᠠᠳᠠᠭᠰᠢ ᠭᠠᠷᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ 2 ᠮᠧᠳ᠋ᠷ ᠤᠨ ᠱᠤᠭᠤᠮ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠶᠢ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠵᠤ᠂ ᠤᠬᠠᠮᠰᠠᠷ ᠠᠴᠠ ᠪᠠᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠡᠨᠡᠬᠦ ᠬᠤᠭᠤᠴᠠᠭᠠᠨ ᠳᠤ ᠥᠷᠭᠡᠨ ᠤᠯᠠᠨ ᠰᠠᠭᠤᠭᠠᠯᠢ ᠠᠷᠠᠳ ᠤᠨ ᠠᠮᠢᠳᠤᠷᠠᠯ ᠳᠤ ᠳᠥᠭᠦᠮ ᠦᠭᠡᠢ ᠪᠣᠯᠭᠠᠭᠰᠠᠨ ᠶᠠᠪᠤᠳᠠᠯ ᠢ ᠰᠠᠭᠤᠭᠠᠯᠢ ᠠᠷᠠᠳ ᠤᠨ ᠠᠭᠤᠴᠢᠯᠠᠨ ᠪᠠᠭᠲᠠᠭᠠᠵᠤ ᠣᠶᠢᠯᠠᠭᠠᠬᠤ ᠶᠢ ᠬᠦᠰᠡᠵᠦ ᠪᠠᠶᠢᠨ᠎ᠠ᠃ᠪᠢᠳᠠ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠲᠤᠪᠠᠷ ᠪᠠᠬᠢᠵᠢᠭᠦᠯᠵᠦ᠂ ᠡᠷᠡᠭᠦᠯ ᠡᠩᠬᠡ ᠭᠡᠷ ᠣᠷᠣᠨ ᠢᠶᠠᠨ ᠰᠠᠬᠢᠨ ᠬᠠᠮᠠᠭᠠᠯᠠᠶ᠎ᠠ᠃       ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                              2022 ᠣᠨ ᠤ 12 ᠰᠠᠷ᠎ᠠ ᠶᠢᠨ 1 
ᠢᠷᠡᠯᠲᠡ᠄ ᠲᠤᠰ ᠰᠦᠯᠵᠢᠶ᠎ᠠ