| | ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 8 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠷᠢᠶᠠᠳ᠋ ᠤᠨ ᠸᠠᠩ ᠤᠨ ᠣᠷᠳᠣᠨ ᠳᠤ ᠰᠠᠦ᠋ᠳᠢ ᠠᠷᠠᠪ ᠤᠨ | ᠤᠯᠤᠰ ᠤᠨ ᠸᠠᠩ ᠰᠠᠯᠧᠮᠠᠨ ᠲᠠᠢ ᠠᠭᠤᠯᠵᠠᠪᠠ ᠃ | | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ | ᠵᠢᠩ ᠸᠧᠨ ᠰᠡᠭᠦᠳᠡᠷᠯᠡᠪᠡ | | | | ᠰᠢ ᠶᠢᠨ ᠫᠢᠩ ᠂ 6 ᠵᠢᠯ ᠠᠯᠤᠰᠯᠠᠭᠠᠳ ᠰᠡᠦ᠋ᠳᠢ ᠠᠷᠠᠪ ᠲᠤ | ᠳᠠᠬᠢᠨᠲᠠ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ | ᠪᠠᠶᠢᠨ᠎ᠠ ᠃ ᠪᠢ ᠳᠡᠭᠡᠷ᠎ᠡ ᠤᠳᠠᠭ᠎ᠠ ᠰᠠᠦ᠋ᠳᠢ ᠲᠤ | ᠠᠶᠢᠯᠴᠢᠯᠠᠬᠰᠠᠨ ᠪᠠᠶᠢᠳᠠᠯ ᠢ ᠲᠣᠳᠣᠷᠬᠠᠢ ᠴᠡᠭᠡᠵᠢᠯᠡᠵᠦ | ᠪᠠᠶᠢᠨ᠎ᠠ ᠃ ᠪᠢᠲᠠᠨ ᠤ ᠳᠤᠮᠳᠠᠳᠤ ᠰᠠᠦ᠋ᠳᠢ ᠠᠷᠠᠪ ᠤᠨ | ᠬᠠᠷᠢᠯᠴᠠᠭ᠎ᠠ ᠶᠢ ᠬᠥᠭᠵᠢᠭᠦᠯᠬᠦ ᠪᠠᠷ ᠲᠣᠬᠢᠷᠠᠯᠴᠠᠭᠰᠠᠨ | ᠴᠢᠬᠤᠯᠠ ᠬᠠᠮᠲᠤ ᠶᠢᠨ ᠲᠠᠨᠢᠯᠲᠠ ᠪᠦᠭᠦᠨ ᠦᠨᠡᠨ ᠪᠣᠳᠠᠲᠠᠢ | ᠬᠠᠮᠲᠤᠷᠠᠯᠴᠠᠭᠠᠨ ᠤ ᠦᠷ᠎ᠡ ᠪᠦᠲᠦᠭᠡᠯ ᠪᠣᠯᠣᠨ ᠬᠤᠪᠢᠷᠠᠵᠤ | ᠪᠠᠶᠢᠬᠤ ᠶᠢ ᠪᠢ ᠪᠠᠶᠠᠷ ᠲᠠᠢ ᠣᠯᠵᠤ ᠬᠠᠷᠠᠯ᠎ᠠ ᠃ ᠳᠤᠮᠳᠠᠳᠤ | ᠰᠠᠦ᠋ᠳᠢ ᠠᠷᠠᠪ ᠤᠨ ᠬᠠᠮᠲᠤᠷᠠᠯᠴᠠᠭ᠎ᠠ ᠥᠷᠭᠡᠨ ᠠᠭᠤᠳᠠᠮ ᠠᠯᠤᠰ | ᠢᠷᠡᠭᠡᠳᠦᠢ ᠲᠠᠢ ᠶᠤᠮ ᠃ ᠳᠤᠮᠳᠠᠳᠤ ᠤᠯᠤᠰ ᠰᠠᠦ᠋ᠳᠢ ᠠᠷᠠᠪ ᠢ | ᠤᠯᠠᠨ ᠲᠤᠶᠢᠯᠵᠢᠭᠰᠠᠨ ᠳᠡᠯᠡᠬᠡᠢ ᠶᠢᠷᠲᠢᠨᠴᠦ ᠶᠢᠨ ᠴᠢᠬᠤᠯᠠ | ᠬᠦᠴᠦᠨ ᠢᠶᠠᠷ ᠦᠵᠡᠵᠦ ᠂ ᠰᠠᠦ᠋ᠳᠢ ᠠᠷᠠᠪ ᠯᠤᠭ᠎ᠠ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ | ᠤᠯᠤᠰ ᠳᠤᠷᠠᠲᠠᠶ᠎ᠠ ᠰᠠᠦ᠋ᠳᠢ ᠠᠷᠠᠪ ᠯᠤᠭ᠎ᠠ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ ᠂ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ | ᠤᠯᠤᠰ ᠤᠨ ᠬᠥᠭᠵᠢᠯᠲᠡ ᠶᠢᠨ ᠠᠰᠢᠭ ᠲᠤᠰᠠ ᠳᠤ ᠦᠢᠯᠡᠴᠢᠯᠡᠵᠦ ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠨ᠎ᠠ ᠭᠡᠵᠦ ᠵᠢᠭᠠᠵᠤ ᠭᠠᠷᠭᠠᠪᠠ ᠃ | | ᠰᠠᠯᠧᠮᠠᠨ ᠂ ᠲᠡᠷᠢᠭᠦᠯᠡᠭᠴᠢ ᠰᠢ ᠶᠢᠨ ᠫᠢᠩ ᠤᠨ ᠰᠡᠦ᠋ᠳᠢ | ᠠᠷᠠᠪ ᠲᠤ ᠳᠠᠬᠢᠨᠲᠠ ᠠᠶᠢᠯᠴᠢᠯᠠᠬᠰᠠᠨ ᠢ ᠪᠠᠶᠠᠷᠯᠠᠨ ᠤᠭᠲᠤᠵᠤ | ᠪᠠᠶᠢᠨ᠎ᠠ ᠂ ᠲᠠᠨ ᠤ 2016 ᠣᠨ ᠤ ᠰᠡᠦ᠋ᠳᠢ ᠠᠷᠠᠪ ᠲᠠᠬᠢ | ᠠᠮᠵᠢᠯᠲᠠ ᠲᠠᠢ ᠠᠶᠢᠯᠴᠢᠯᠠᠯᠲᠠ ᠪᠣᠯ ᠮᠠᠷᠲᠠᠭᠳᠠᠰᠢ ᠦᠭᠡᠢ ᠶᠤᠮ | ᠃ ᠣᠶᠢᠷ᠎ᠠ ᠶᠢᠨ ᠵᠢᠯ ᠠᠴᠠ ᠂ ᠰᠡᠦ᠋ᠳᠢ ᠠᠷᠠᠪ ᠳᠤᠮᠳᠠᠳᠤ ᠬᠤᠶᠠᠷ | ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ | ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠴᠥᠮ ᠰᠠᠶᠢᠨ | ᠰᠠᠶᠢᠬᠠᠨ ᠠᠬᠢᠴᠠ ᠲᠠᠢ ᠪᠣᠯᠵᠤ ᠂ ᠬᠤᠶᠠᠷ ᠲᠠᠯ᠎ᠠ ᠪᠠᠷ ᠢᠶᠠᠨ | ᠮᠠᠰᠢ ᠤᠯᠠᠨ ᠠᠰᠠᠭᠤᠳᠠᠯ ᠳᠡᠭᠡᠷ᠎ᠡ ᠴᠥᠮ ᠴᠢᠬᠤᠯᠠ ᠬᠠᠮᠲᠤ ᠶᠢᠨ | ᠲᠠᠨᠢᠯᠲᠠ ᠲᠠᠢ ᠶᠤᠮ ᠂ ᠳᠤᠮᠳᠠᠳᠤ ᠶᠢᠨ ᠲᠠᠯ᠎ᠠ ᠶᠢᠨ ᠠᠰᠢᠭ | ᠲᠤᠰᠠ ᠪᠣᠯ ᠳᠠᠷᠤᠢ ᠰᠡᠦ᠋ᠳᠢ ᠠᠷᠠᠪ ᠤᠨ ᠲᠠᠯ᠎ᠠ ᠶᠢᠨ ᠠᠰᠢᠭ | ᠲᠤᠰᠠ ᠪᠣᠯᠣᠨ᠎ᠠ ᠃ ᠪᠢ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ | ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠴᠢᠷᠮᠠᠶᠢᠵᠤ | ᠰᠡᠦ᠋ᠳᠢ ᠠᠷᠠᠪ ᠳᠤᠮᠳᠠᠳᠤ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠭᠰᠢ | ᠭᠦᠭᠵᠢᠭᠦ ᠶᠢ ᠠᠬᠢᠭᠤᠯᠵᠤ ᠂ ᠬᠤᠶᠠᠷ ᠤᠯᠤᠰ ᠤᠨ ᠨᠥᠭᠦᠷᠰᠡᠭ | ᠠᠷᠠᠳ ᠲᠦᠮᠡᠨ ᠳᠤ ᠪᠤᠶᠠᠨ ᠦᠢᠯᠡᠳᠦᠨ᠎ᠡ ᠂ ᠡᠨᠡ | ᠨᠢ ᠪᠠᠰᠠ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠣᠯᠣᠨ ᠠᠮᠤᠷ ᠠᠮᠤᠭᠤᠯᠠᠩ ᠢ | ᠪᠡᠶᠡᠯᠡᠭᠦᠯᠬᠦ ᠳᠤ ᠠᠰᠢᠭᠲᠠᠢ ᠶᠤᠮ ᠭᠡᠵᠦ ᠢᠯᠡᠳᠬᠡᠪᠡ ᠃ | | ᠬᠤᠶᠠᠷ ᠤᠯᠤᠰ ᠤᠨ ᠲᠡᠷᠢᠭᠦᠨ ᠪᠡᠶ᠎ᠡ ᠪᠠᠷ ᠢᠶᠠᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠦ᠋ᠳᠢ ᠠᠷᠠᠪ | ᠸᠠᠩᠲᠤ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ | ᠵᠥᠪᠯᠡᠯᠴᠡᠭᠡᠷ ︾ ᠲᠤ ᠭᠠᠷ ᠤᠨ ᠦᠰᠦᠭ ᠵᠢᠷᠤᠵᠤ ᠂ ᠬᠤᠶᠠᠷ ᠵᠢᠯ | ᠪᠦᠷᠢ ᠳᠤ ᠬᠤᠶᠠᠷ ᠤᠯᠤᠰ ᠲᠤ ᠡᠭᠡᠯᠵᠢᠯᠡᠨ ᠨᠢᠭᠡ ᠤᠳᠠᠭᠠᠨ ᠤ | ᠬᠤᠶᠠᠷ ᠤᠯᠤᠰ ᠤᠨ ᠲᠡᠷᠢᠭᠦᠨ ᠤ ᠠᠭᠤᠯᠵᠠᠯᠲᠠ ᠬᠢᠬᠦ ᠶᠢ | ᠵᠥᠪᠰᠢᠶᠡᠷᠡᠪᠡ ᠃ | | ᠳ᠋ᠢᠩ ᠰᠢᠤᠸᠠᠢ ᠰᠢᠶᠠᠩ ᠂ ᠸᠠᠩ ᠢ ᠳᠡᠭᠡᠷᠡᠬᠢ | ᠠᠵᠢᠯᠯᠠᠭ᠎ᠠ ᠳᠤ ᠣᠷᠣᠯᠴᠠᠵᠠᠢ ᠃ | | | | | |