| ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ | ᠴᠢᠬᠤᠯᠠ ᠵᠢᠭᠠᠪᠤᠷᠢ ᠥᠭᠴᠦ᠂ ︽ ᠳᠤᠮᠳᠠᠳᠤ ᠤᠯᠤᠰ ᠤᠨ | ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ | ᠪᠦᠬᠦᠢ ᠵᠠᠩᠰᠢᠯ ︾ ᠢ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ | ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ | ᠣᠷᠣᠭᠤᠯᠤᠭᠰᠠᠨ ᠨᠢ ᠳᠤᠮᠳᠠᠳᠤ ᠤᠯᠤᠰ ᠤᠨ ᠴᠠᠢ ᠶᠢᠨ ᠰᠣᠶᠣᠯ ᠢ | ᠪᠠᠳᠠᠷᠠᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ ᠃ | ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ | ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠤᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ | ᠰᠠᠶᠢᠲᠤᠷ ᠬᠠᠩᠭᠠᠵᠤ᠂ ᠰᠣᠶᠣᠯ ᠤᠨ ᠢᠲᠡᠭᠡᠯ ᠢᠶᠠᠷ | ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ | ᠬᠡᠷᠡᠭᠲᠡᠢ ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ | ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠠᠬᠢᠭᠤᠯᠵᠤ ᠂ | ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ | ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠨᠡᠮᠡᠭᠳᠡᠭᠦᠯᠵᠦ ᠂ ᠪᠣᠯᠪᠠᠰᠤᠨ ᠤ | ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ | ᠨᠡᠩ ᠰᠠᠶᠢᠲᠤᠷ ᠳᠡᠯᠡᠬᠡᠢ ᠳᠤ ᠬᠠᠨᠳᠤᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | 11 ᠰᠠᠷ᠎ᠠ ᠶᠢᠨ 29 ᠤ ᠡᠳᠦᠷ᠂ ᠮᠠᠨ ᠤ ᠤᠯᠤᠰ ᠠᠴᠠ | ᠭᠤᠶᠤᠴᠢᠯᠠᠨ ᠮᠡᠳᠡᠭᠦᠯᠦᠭᠰᠡᠨ ︽ ᠳᠤᠮᠳᠠᠳᠤ ᠤᠯᠤᠰ ᠤᠨ | ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ | ᠪᠦᠬᠦᠢ ᠵᠠᠩᠰᠢᠯ︾ ᠢ ᠮᠤᠷᠤᠺᠺᠤ ᠶᠢᠨ ᠷᠠᠪᠠᠲ ᠲᠤ | ᠬᠤᠷᠠᠯᠳᠤᠭᠤᠯᠤᠭᠰᠠᠨ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ | ᠬᠤᠭᠤᠷᠣᠨᠳᠣᠭᠢ ᠵᠥᠪᠯᠡᠯ ᠤᠨ 17 ᠳ᠋ᠤᠭᠠᠷ ᠬᠤᠭᠤᠴᠠᠭᠠᠨ ᠤ | ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠲᠣᠭᠲᠠᠭᠠᠯᠲᠠ ᠬᠢᠵᠦ | ᠪᠠᠲᠤᠯᠠᠨ ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ | ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ | ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ ᠃ | ᠣᠳᠣᠬᠠᠨ ᠳᠤ᠂ ᠮᠠᠨ ᠤ ᠤᠯᠤᠰ ᠤᠨ 43 ᠲᠥᠷᠥᠯ ᠵᠦᠢᠯ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ | ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠨᠡᠷᠡᠰ᠂ ᠨᠡᠷᠡᠰ ᠤᠨ ᠳᠡᠪᠲᠡᠷ ᠲᠤ ᠵᠢᠭᠰᠠᠭᠠᠭᠳᠠᠵᠤ | ᠳᠡᠯᠡᠬᠡᠢ ᠶᠢᠨ ᠨᠢᠭᠡᠳᠦᠭᠡᠷ ᠲᠤ ᠣᠷᠣᠵᠤ ᠪᠤᠢ ᠃ | | | | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | | | |