| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 | ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ | ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ | ᠪᠠᠲᠤᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠠᠢ ᠂ ᠬᠠᠮᠲᠤ ᠪᠠᠷ ᠦᠵᠡᠵᠡᠭᠡᠶ᠎ᠡ︕ | ᠬᠢᠵᠢᠭ ᠢ ᠰᠡᠷᠭᠡᠶᠢᠯᠡᠬᠦ ᠭᠤᠣᠯᠳᠠᠯᠭ᠎ᠠ ᠨᠢ | ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠵᠦ | ᠪᠠᠶᠢᠭᠰᠠᠨ ᠠᠴᠠ ᠠᠪᠤᠷᠠᠨ ᠵᠠᠰᠠᠬᠤ ᠠᠵᠢᠯ ᠲᠡᠶᠢᠰᠢ ᠰᠢᠯᠵᠢᠪᠡ | ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠭᠤᠣᠯᠳᠠᠯᠭ᠎ᠠ ᠨᠢ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠠᠴᠠ ᠡᠮᠨᠡᠯᠭᠡ ᠶᠢᠨ ᠠᠪᠤᠷᠠᠨ | ᠵᠠᠰᠠᠯᠲᠠ ᠲᠡᠶᠢᠰᠢ ᠰᠢᠯᠵᠢᠵᠦ ᠪᠠᠶᠢᠨ᠎ᠠ ᠃ ᠨᠡᠶᠢᠭᠡᠮ ᠲᠣᠭᠤᠷᠢᠭ | ᠂ ᠬᠥᠳᠡᠭᠡ ᠲᠣᠰᠬᠤᠨ ᠪᠣᠯ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠠᠮᠤᠭ ᠤᠨ ᠡᠴᠦᠰ ᠤᠨ | ᠨᠢᠭᠡ ᠺᠢᠯᠣᠮᠧᠲᠷ ᠪᠣᠯᠣᠨ᠎ᠠ ᠂ ᠭᠡᠷ ᠪᠦᠯᠢ ᠶᠢᠨ ᠡᠮᠴᠢ ᠂ | ᠬᠥᠳᠡᠭᠡ ᠲᠣᠰᠬᠤᠨ ᠤ ᠡᠮᠴᠢ ᠪᠣᠯ ᠤᠯᠠᠨ ᠲᠦᠮᠡᠨ ᠤ ᠡᠷᠡᠭᠦᠯ | ᠮᠡᠨᠳᠤ ᠶᠢᠨ ᠮᠠᠨᠠᠭᠠᠴᠢ ᠮᠥᠨ ᠃ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ | ᠬᠠᠯᠳᠠᠪᠤᠷᠢᠯᠠᠭᠰᠠᠳ ᠢ ᠲᠠᠰ ᠲᠥᠷᠥᠯ ᠬᠤᠪᠢᠶᠠᠨ ᠭᠥᠯᠢᠶᠡᠨ | ᠠᠪᠴᠤ ᠡᠮᠨᠡᠨ ᠵᠠᠰᠠᠬᠤ ᠂ ᠲᠦᠭᠰᠢᠭᠦᠷᠢᠲᠦ ᠬᠥᠮᠥᠰ ᠤᠨ ᠡᠷᠡᠭᠦᠯ | ᠮᠡᠨᠳᠦ ᠶᠢ ᠬᠢᠨᠠᠨ ᠰᠢᠨᠵᠢᠯᠡᠵᠦ ᠬᠠᠮᠢᠶᠠᠷᠬᠤ ᠂ | ᠨᠠᠰᠤᠲᠠᠶᠢᠴᠤᠳ ᠪᠠ ᠬᠡᠦᠬᠡᠳ ᠵᠡᠷᠭᠡ ᠭᠤᠣᠯᠳᠠᠯᠭ᠎ᠠ ᠲᠠᠢ | ᠬᠥᠮᠥᠰ ᠤᠨ ᠡᠮ ᠡᠮᠨᠡᠯᠭᠡ ᠶᠢᠨ ᠦᠢᠯᠡᠴᠢᠯᠡᠭᠡᠨ ᠤ | ᠪᠠᠲᠤᠯᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠢᠶᠠᠨ | ᠪᠠᠳᠠᠷᠠᠭᠤᠯᠬᠤ ᠪᠣᠯᠣᠨ᠎ᠠ ᠃ ᠬᠢᠵᠢᠭ ᠤᠨ ᠪᠠᠶᠢᠳᠠᠯ ᠂ | ᠡᠪᠡᠳᠴᠢᠨ ᠤ ᠪᠠᠶᠢᠳᠠᠯ ᠤᠨ ᠬᠦᠨᠳᠦ ᠬᠥᠩᠭᠡᠨ ᠠᠯᠭᠤᠷ | ᠪᠠᠴᠢᠮ ᠤᠨ ᠬᠡᠮᠵᠢᠶ᠎ᠡ ᠵᠡᠷᠭᠡ ᠶᠢ ᠦᠨᠳᠦᠰᠦᠯᠡᠨ ᠡᠮ | ᠡᠮᠨᠡᠯᠭᠡ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ | ᠬᠤᠪᠢᠶᠠᠷᠢᠯᠠᠵᠤ ᠂ ᠦᠢᠯᠡᠴᠢᠯᠡᠭᠡᠨ ᠤ ᠦᠷ᠎ᠡ ᠪᠦᠲᠦᠮᠵᠢ ᠪᠠ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠢ︔ ᠭᠤᠣᠯᠳᠠᠯᠭ᠎ᠠ ᠲᠠᠢ ᠬᠥᠮᠥᠰ ᠤᠨ ᠡᠷᠡᠭᠦᠯ | ᠮᠡᠨᠳᠦ ᠶᠢᠨ ᠬᠢᠨᠠᠨ ᠰᠢᠨᠵᠢᠯᠡᠯᠲᠡ ᠪᠠ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ ᠂ ᠴᠠᠭ ᠲᠤᠬᠠᠢ ᠳᠤ ᠨᠢ | ᠯᠠᠪᠯᠠᠭ᠎ᠠ ᠵᠢᠯᠣᠭᠤᠳᠤᠯᠭ᠎ᠠ ᠬᠠᠩᠭᠠᠬᠤ ᠬᠡᠷᠡᠭᠲᠡᠢ︔ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ | ᠡᠮᠨᠡᠯᠭᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ ᠂ | ᠦᠨᠳᠦᠰᠦᠨ ᠱᠠᠲᠤᠨ ᠤ ᠠᠩᠬᠠᠨ ᠤ ᠣᠨᠣᠰᠢᠯᠠᠯᠲᠠ ᠶᠢᠨ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ | ᠬᠡᠷᠡᠭᠲᠡᠢ ᠃ | ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯ ᠤᠨ | ᠡᠭᠦᠷᠭᠡ ᠬᠠᠷᠢᠭᠤᠴᠠᠯᠭ᠎ᠠ ᠶᠢᠨ ᠬᠤᠪᠢᠷᠠᠯᠲᠠ ᠡᠭᠦᠨ ᠳᠤ | ᠭᠤᠣᠯᠳᠠᠭᠤ ᠥᠩᠭᠡᠷᠡᠭᠰᠡᠨ ᠤ ᠡᠷᠲᠡ ᠢᠯᠡᠷᠡᠭᠦᠯᠬᠦ ᠂ ᠡᠷᠲᠡ | ᠲᠤᠰᠠᠭᠠᠷᠯᠠᠬᠤ ᠪᠠ ᠬᠠᠯᠳᠠᠪᠤᠷᠢᠯᠠᠯ ᠢ ᠭᠤᠣᠯᠳᠠᠯᠭ᠎ᠠ ᠲᠠᠢ | ᠰᠡᠷᠭᠡᠶᠢᠯᠡᠵᠦ ᠪᠠᠶᠢᠭᠰᠠᠨ ᠠᠴᠠ ᠲᠦᠷᠦᠯ ᠳᠡᠰ ᠬᠤᠪᠢᠶᠠᠨ | ᠡᠷᠡᠭᠦᠯ ᠮᠡᠨᠳᠦ ᠶᠢᠨ ᠦᠢᠯᠡᠴᠢᠯᠡᠭᠡ ᠪᠣᠯᠣᠨ ᠡᠮ | ᠡᠮᠨᠡᠯᠭᠡ ᠶᠢᠨ ᠠᠪᠤᠷᠠᠨ ᠵᠠᠰᠠᠯᠲᠠ ᠶᠢ ᠬᠡᠷᠡᠭᠵᠢᠭᠦᠯᠬᠦ | ᠲᠡᠶᠢᠰᠢ ᠬᠤᠪᠢᠷᠠᠭᠤᠯᠤᠨ᠎ᠠ ᠃ | ᠨᠢᠭᠡ ᠳᠤ ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ | ᠬᠡᠷᠡᠭᠲᠡᠢ ᠃ ᠭᠤᠣᠯᠳᠠᠯᠭ᠎ᠠ ᠲᠠᠢ ᠬᠥᠮᠥᠰ ᠤᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠵᠤ ᠂ ᠨᠡᠶᠢᠭᠡᠮ ᠲᠣᠭᠤᠷᠢᠭ | (ᠲᠣᠰᠬᠤᠨ ) ᠪᠣᠯᠣᠨ ᠦᠨᠳᠦᠰᠦᠨ ᠱᠠᠲᠤᠨ ᠤ ᠡᠮᠨᠡᠯᠭᠡ ᠶᠢᠨ | ᠠᠵᠢᠯᠲᠠᠳ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ ᠂ | ᠰᠠᠭᠤᠷᠢ ᠡᠪᠡᠳᠴᠢᠨ ᠳᠠᠪᠬᠤᠴᠠᠭᠰᠠᠨ ᠨᠠᠰᠤᠲᠠᠶᠢᠴᠤᠳ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠃ | ᠡᠭᠦᠨ ᠤ ᠬᠠᠮᠲᠤ ᠂ ᠵᠢᠷᠮᠦᠰᠦᠨ ᠬᠥᠩᠭᠡᠵᠢᠭᠰᠡᠨ ᠡᠬᠡᠴᠦᠳ ᠂ | ᠬᠡᠦᠬᠡᠳ ᠵᠡᠷᠭᠡ ᠬᠥᠮᠥᠰ ᠤᠨ ᠬᠠᠮᠢᠶᠠᠷᠤᠯᠲᠠ | ᠦᠢᠯᠡᠴᠢᠯᠡᠭᠡ ᠶᠢ ᠥᠩᠭᠡᠷᠡᠭᠰᠡᠨ ᠳᠤ ᠨᠢᠭᠡᠨᠲᠡ | ᠨᠠᠶᠢᠳᠠᠪᠤᠷᠢᠵᠢᠭᠤᠯᠤᠭᠰᠠᠨ ᠤᠴᠢᠷ ᠠᠴᠠ ᠣᠲᠣ ᠶᠢᠨ | ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠪᠣᠯ | ᠨᠠᠰᠤᠲᠠᠶᠢᠴᠤᠳ ᠪᠣᠯᠣᠨ᠎ᠠ ᠂ ᠣᠨᠴᠠᠭᠠᠶᠢᠯᠠᠨ ᠤᠷᠢᠳ ᠢᠶᠠᠷ | ᠰᠠᠭᠤᠷᠢ ᠡᠪᠡᠳᠴᠢᠨ ᠳᠠᠪᠬᠤᠴᠠᠭᠰᠠᠨ ᠬᠥᠮᠥᠰ ᠤᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ ᠃ | ᠬᠤᠶᠠᠷ ᠲᠤ ᠂ ᠲᠦᠷᠦᠯ ᠬᠤᠪᠢᠶᠠᠬᠤ ᠬᠡᠷᠡᠭᠲᠡᠢ ᠃ ᠪᠠᠶᠢᠳᠠᠯ ᠢ | ᠣᠶᠢᠯᠠᠭᠠᠨ ᠳᠠᠩᠰᠠᠯᠠᠭᠰᠠᠨ ᠭᠤᠣᠯᠳᠠᠯᠭ᠎ᠠ ᠲᠠᠢ ᠬᠥᠮᠥᠰ ᠲᠤ | ᠲᠥᠷᠥᠯ ᠪᠠ ᠲᠠᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠨ᠎ᠠ ( ᠭᠤᠣᠯᠳᠠᠯᠭ᠎ᠠ ᠲᠠᠢ ᠬᠥᠮᠥᠰ ᠂ ᠳᠡᠳ᠋ | ᠭᠤᠣᠯᠳᠠᠯᠭ᠎ᠠ ᠲᠠᠢ ᠬᠥᠮᠥᠰ ᠪᠠ ᠡᠩ ᠤᠨ ᠬᠥᠮᠥᠰ) ᠃ ᠲᠥᠷᠥᠯ | ᠠᠩᠭᠢᠯᠠᠯ ᠤᠨ ᠠᠳᠠᠯᠢ ᠪᠤᠰᠤ ᠶᠢ ᠦᠨᠳᠦᠰᠦᠯᠡᠨ ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠪᠠᠷ ᠳᠠᠮᠵᠢᠭᠤᠯᠤᠨ ᠂ | ᠣᠯᠠᠨ ᠵᠦᠢᠯ ᠤᠨ ᠠᠷᠭ᠎ᠠ ᠮᠠᠶ᠋ᠢᠭ ᠤᠨ ᠡᠷᠡᠭᠦᠯ ᠮᠡᠨᠳᠦ ᠶᠢᠨ | ᠵᠢᠯᠣᠭᠤᠳᠤᠯᠭ᠎ᠠ ᠂ ᠡᠷᠡᠭᠦᠯ ᠮᠡᠨᠳᠦ ᠶᠢᠨ ᠬᠢᠨᠠᠨ | ᠰᠢᠨᠵᠢᠯᠡᠯᠲᠡ ᠂ ᠮᠥᠷᠳᠡᠨ ᠰᠤᠷᠪᠤᠯᠵᠢᠯᠠᠬᠤ ᠶᠢ ᠬᠠᠩᠭᠠᠵᠤ ᠂ | ᠥᠳᠥᠭᠡᠭᠴᠢ ᠶᠢᠨ ᠪᠠᠶᠢᠴᠠᠭᠠᠯᠲᠠ ᠬᠢᠬᠦ ᠶᠢ ᠵᠢᠯᠤᠭᠤᠳᠴᠤ ᠂ | ᠡᠪᠡᠳᠴᠢᠨ ᠳᠤ ᠨᠢ ᠲᠠᠭᠠᠷᠠᠭᠤᠯᠵᠤ ᠡᠮ ᠬᠡᠷᠡᠭᠯᠡᠬᠦ | ᠲᠠᠯ᠎ᠠ ᠪᠠᠷ ᠵᠢᠯᠣᠭᠤᠳᠤᠯᠭ᠎ᠠ ᠬᠢᠬᠦ ᠳᠤᠩ ᠭᠤᠣᠯᠳᠠᠯᠭ᠎ᠠ ᠨᠢ | ᠳᠠᠷᠤᠢ ᠲᠡᠳᠡᠨ ᠳᠤ ᠡᠮᠴᠢᠯᠡᠭᠡᠨ ᠤ ᠲᠠᠯ᠎ᠠ ᠶᠢᠨ | ᠦᠢᠯᠡᠴᠢᠯᠡᠭᠡ ᠬᠠᠩᠭᠠᠨ᠎ᠠ ᠃ | ᠭᠤᠷᠪᠠ ᠳᠤ ᠂ ᠱᠠᠲᠤ ᠬᠤᠪᠢᠶᠠᠨ ᠠᠪᠤᠷᠠᠨ ᠵᠠᠰᠠᠬᠤ ᠶᠢ | ᠨᠠᠶᠢᠳᠠᠪᠤᠷᠢᠵᠢᠭᠤᠯᠬᠤ ᠬᠡᠷᠡᠭᠲᠡᠢ ᠃ ᠨᠥᠬᠦᠴᠡᠯ ᠡᠭᠦᠳᠴᠦ | ᠪᠠᠶᠢᠭᠠᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠠᠯᠠᠭᠤᠷᠠᠯ ᠤᠨ | ᠡᠮᠴᠢᠯᠡᠭᠡᠨ ᠤ ᠲᠠᠰᠤᠭ ᠭᠠᠷᠭᠠᠵᠤ ᠂ ᠨᠡᠭᠡᠭᠡᠬᠦ ᠶᠣᠰᠣᠲᠠᠢ ᠨᠢ | ᠠᠯᠢ ᠴᠢᠳᠠᠬᠤ ᠪᠠᠷ ᠨᠡᠭᠡᠭᠡᠬᠦ ᠬᠡᠷᠡᠭᠲᠡᠢ ᠃ ᠠᠩᠬᠠᠨ ᠤ | ᠣᠨᠣᠰᠢᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ | ᠢᠯᠡᠷᠡᠯ ᠲᠠᠢ ᠡᠪᠡᠳᠴᠢᠲᠡᠨ ᠳᠤ ᠣᠨᠣᠰᠢᠯᠠᠨ ᠡᠮᠨᠡᠬᠦ ᠪᠠ ᠡᠮ | ᠬᠡᠷᠡᠭᠯᠡᠬᠦ ᠦᠢᠯᠡᠴᠢᠯᠡᠭᠡ ᠬᠠᠩᠭᠠᠬᠤ ᠬᠡᠷᠡᠭᠲᠡᠢ ᠃ ᠨᠡᠶᠢᠭᠡᠮ | ᠲᠣᠭᠤᠷᠢᠭ ( ᠲᠣᠰᠬᠤᠨ) ᠵᠢᠴᠢ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠤᠭᠤᠳ ᠳᠠᠶᠢᠴᠢᠯᠠᠯᠲᠠ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ ᠂ ᠡᠷᠡᠭᠦᠯ ᠮᠡᠨᠳᠦ ᠶᠢᠨ ᠬᠥᠮᠦᠵᠢᠯ | ᠂ ᠡᠪᠡᠳᠴᠢᠨ ᠦᠵᠡᠭᠦᠯᠬᠦ ᠂ ᠡᠮ ᠬᠤᠳᠠᠯᠳᠤᠨ ᠠᠪᠴᠤ ᠡᠮ ᠬᠦᠷᠭᠡᠬᠦ | ᠵᠡᠷᠭᠡ ᠦᠢᠯᠡᠴᠢᠯᠡᠭᠡᠨ ᠤ ᠪᠠᠲᠤᠯᠠᠭ᠎ᠠ ᠳᠤ ᠬᠠᠮᠵᠢᠯᠴᠠᠬᠤ | ᠬᠡᠷᠡᠭᠲᠡᠢ ᠃ ᠡᠭᠦᠨ ᠤ ᠵᠣᠷᠢᠯᠭ᠎ᠠ ᠨᠢ ᠭᠡᠷ ᠲᠤ ᠪᠠᠨ ᠰᠠᠭᠤᠵᠤ | ᠡᠮᠨᠡᠭᠦᠯᠬᠦ ᠳᠤ ᠲᠣᠬᠢᠷᠠᠬᠤ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠪᠤᠶᠤ ᠬᠥᠩᠭᠡᠨ ᠬᠡᠯᠪᠡᠷᠢ ᠶᠢᠨ | ᠡᠪᠡᠳᠴᠢᠲᠡᠨ ᠳᠤ ᠵᠣᠬᠢᠬᠤ ᠡᠳᠡᠭᠡᠷᠡᠯᠲᠡ ᠪᠠ ᠡᠮ ᠬᠡᠷᠡᠭᠯᠡᠬᠦ | ᠵᠢᠯᠣᠭᠤᠳᠤᠯᠭ᠎ᠠ ᠬᠠᠩᠭᠠᠬᠤ ᠶᠢᠨ ᠲᠥᠯᠥᠭᠡ ᠶᠤᠮ ᠃ | ᠨᠠᠰᠤᠲᠠᠶᠢᠴᠤᠳ ᠂ ᠰᠠᠭᠤᠷᠢ ᠡᠪᠡᠳᠴᠢᠨ ᠲᠠᠢ ᠡᠪᠡᠳᠴᠢᠲᠡᠨ ᠂ | ᠴᠢᠰᠤ ᠨᠡᠪᠴᠢᠭᠦᠯᠬᠦ ᠡᠪᠡᠳᠴᠢᠲᠡᠨ ᠵᠡᠷᠭᠡ ᠬᠥᠮᠥᠰ ᠤᠨ | ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ 12 ᠳ᠋ᠤᠭᠠᠷ ᠰᠠᠷ᠎ᠠ ᠶᠢᠨ 1 ᠤ ᠡᠳᠦᠷ ᠮᠡᠳᠡᠭᠳᠡᠯ | ᠪᠠᠭᠤᠯᠭᠠᠭᠰᠠᠨ ᠤ ᠬᠠᠮᠲᠤ ᠪᠦᠬᠦ ᠲᠠᠯ᠎ᠠᠶᠢᠨ | ᠪᠠᠶᠢᠷᠢᠯᠠᠭᠤᠯᠤᠯᠲᠠ ᠬᠢᠵᠦ ᠂ ᠡᠯ᠎ᠡ ᠭᠠᠵᠠᠷ ᠤᠨ ᠬᠢᠨ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠂ ᠢᠯᠠᠩᠭᠤᠶ᠎ᠠ | ᠵᠢᠷᠦᠬᠡᠨ ᠤ ᠲᠢᠲᠢᠮ ᠡᠪᠡᠳᠴᠢᠨ ᠂ ᠲᠠᠷᠢᠬᠢᠨ ᠤ ᠰᠠ ᠡᠪᠡᠳᠴᠢᠨ ᠂ | ᠴᠢᠰᠤᠨ ᠳᠠᠷᠤᠯᠲᠠ ᠥᠨᠳᠥᠷ ᠡᠪᠡᠳᠴᠢᠨ ᠂ ᠠᠭᠤᠰᠬᠢᠨ ᠤ ᠠᠷᠬᠠᠭ | ᠪᠥᠭᠯᠡᠷᠡᠯᠲᠡ ᠡᠪᠡᠳᠴᠢᠨ ᠂ ᠰᠢᠬᠢᠷ ᠰᠢᠵᠢᠩ ᠡᠪᠡᠳᠴᠢᠨ ᠂ | ᠤᠳᠠᠭᠠᠨ ᠴᠢᠨᠠᠷᠲᠠᠢ ᠪᠥᠭᠡᠷᠡᠨ ᠤ ᠡᠪᠡᠳᠴᠢᠨ ᠂ ᠬᠤᠣᠷᠲᠤ | ᠬᠠᠪᠤᠳᠠᠷ ᠤᠨ ᠰᠠᠴᠤᠷᠠᠭ ᠵᠢᠴᠢ ᠬᠢᠮᠢ ᠶᠢᠨ ᠵᠠᠰᠠᠯ ᠬᠢᠯᠭᠡᠵᠦ | ᠪᠠᠶᠢᠭ᠎ᠠ ᠡᠪᠡᠳᠴᠢᠲᠡᠨ ᠂ ᠪᠠᠰᠠ ᠲᠠᠷᠬᠠᠯᠠᠭ᠎ᠠ | ᠬᠤᠮᠰᠠᠳᠠᠯ ᠲᠠᠢ ᠡᠪᠡᠳᠴᠢᠲᠡᠨ ᠤ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠬᠢᠬᠦ ᠶᠢᠨ ᠬᠠᠮᠲᠤ ᠲᠡᠳᠡᠨ ᠤ ᠸᠠᠺᠼᠢᠨ ᠤ | ᠲᠠᠷᠢᠯᠭ᠎ᠠ ᠶᠢᠨ ᠪᠠᠶᠢᠳᠠᠯ ᠢ ᠣᠶᠢᠯᠠᠭᠠᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ ᠃ ᠣᠷᠣᠨ ᠨᠤᠲᠤᠭ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠂ ᠣᠲᠣ ᠶᠢᠨ ᠪᠠᠶᠢᠭ᠎ᠠ | ᠬᠤᠪᠢ ᠬᠥᠮᠥᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠂ | ᠠᠷᠠᠳ ᠤᠨ ᠶᠠᠪᠤᠳᠠᠯ ᠤᠨ ᠨᠠᠰᠤᠲᠠᠶᠢᠴᠤᠳ ᠤᠨ | ᠳᠠᠩᠰᠠᠯᠠᠯᠲᠠ ᠶᠢᠨ ᠰᠢᠰᠲ᠋ᠧᠮ ᠵᠢᠴᠢ ᠸᠠᠺᠼᠢᠨ ᠤ | ᠲᠠᠷᠢᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠵᠠᠳᠠᠯᠤᠨ ᠬᠠᠷᠢᠴᠠᠭᠤᠯᠵᠤ ᠪᠣᠯᠣᠨ᠎ᠠ ᠂ ᠴᠢᠬᠤᠯᠠᠲᠠᠢ ᠦᠶ᠎ᠡ ᠳᠤ | ᠪᠠᠰᠠ ᠡᠷᠦᠬᠡ ᠳᠤ ᠬᠦᠷᠴᠦ ᠪᠠᠶᠢᠴᠠᠭᠠᠯᠲᠠ ᠬᠢᠵᠦ ᠂ ᠡᠲᠡᠭᠡᠷ | ᠬᠥᠮᠥᠰ ᠤᠨ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ | ᠃ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠂ ᠲᠡᠳᠡᠨ ᠤ | ᠰᠠᠭᠤᠷᠢ ᠡᠪᠡᠳᠴᠢᠨ ᠤ ᠪᠠᠶᠢᠳᠠᠯ ᠂ ᠨᠠᠰᠤᠨ ᠤ ᠪᠠᠶᠢᠳᠠᠯ ᠂ | ᠸᠠᠺᠼᠢᠨ ᠤ ᠲᠠᠷᠢᠯᠭ᠎ᠠ ᠶᠢᠨ ᠪᠠᠶᠢᠳᠠᠯ ᠵᠡᠷᠭᠡ ᠶᠢ | ᠦᠨᠳᠦᠰᠦᠯᠡᠨ ᠲᠥᠷᠥᠯ ᠬᠤᠪᠢᠶᠠᠵᠤ ᠂ ᠠᠳᠠᠯᠢ ᠪᠤᠰᠤ ᠬᠥᠮᠥᠰ ᠲᠤ | ᠭᠤᠷᠪᠠᠨ ᠳᠡᠰ ᠬᠤᠪᠢᠶᠠᠨ ᠦᠢᠯᠡᠴᠢᠯᠡᠭᠡ ᠬᠠᠩᠭᠠᠨ᠎ᠠ ᠃ ᠵᠠᠷᠢᠮ | ᠭᠠᠵᠠᠷ ᠤᠨ ᠬᠢᠨ ᠮᠠᠰᠢ ᠰᠠᠶᠢᠨ ᠲᠤᠷᠰᠢᠯᠭ᠎ᠠ ᠬᠤᠷᠠᠮᠳᠤᠭᠤᠯᠵᠤ | ᠂ ᠲᠡᠳᠡ ᠲᠣᠮᠣ ᠳ᠋ᠠᠶᠢᠲ᠋ᠠ ᠶᠢᠨ ᠬᠠᠷᠢᠴᠠᠭᠤᠯᠤᠯ ᠢᠶᠠᠷ | ᠲᠠᠮᠵᠢᠨ ᠭᠤᠣᠯᠳᠠᠯᠭ᠎ᠠ ᠲᠠᠢ ᠬᠥᠮᠥᠰ ᠢ ᠰᠢᠭᠤᠳ ᠵᠠᠭᠠᠭᠯᠠᠨ | ᠲᠣᠭᠲᠠᠭᠠᠵᠤ ᠂ ᠡᠳᠡᠭᠡᠷ ᠭᠤᠣᠯᠳᠠᠯᠭ᠎ᠠ ᠲᠠᠢ ᠬᠥᠮᠥᠰ ᠤᠨ | ᠪᠠᠶᠢᠳᠠᠯ ᠢ ᠨᠡᠶᠢᠭᠡᠮ ᠲᠣᠭᠤᠷᠢᠭ ᠲᠤ ᠳᠠᠮᠵᠢᠭᠤᠯᠵᠤ ᠂ ᠲᠠᠬᠢᠨ | ᠨᠡᠶᠢᠭᠡᠮ ᠲᠣᠭᠤᠷᠢᠭ ᠢᠶᠠᠷ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠬᠢᠯᠭᠡᠬᠦ ᠨᠢ ᠬᠥᠮᠥᠨ ᠤ ᠬᠦᠴᠦᠨ ᠢ | ᠠᠷᠪᠢᠯᠠᠭᠰᠠᠨ ᠢᠶᠠᠷ ᠪᠠᠷᠠᠬᠤ ᠦᠭᠡᠢ ᠠᠵᠢᠯ ᠤᠨ ᠶᠠᠰᠤ | ᠴᠢᠨᠠᠷ ᠢ ᠴᠤ ᠳᠡᠭᠡᠭᠰᠢᠯᠡᠭᠦᠯᠦᠭᠰᠡᠨ ᠪᠣᠯᠬᠤᠷ ᠡᠯ᠎ᠡ | ᠭᠠᠵᠠᠷ ᠤᠨ ᠬᠢᠨ ᠲᠣᠯᠢ ᠪᠣᠯᠭᠠᠭᠤᠰᠢᠲᠠᠢ ᠪᠠᠶᠢᠨ᠎ᠠ ᠃ | ᠨᠠᠰᠤᠲᠠᠶᠢᠴᠤᠳ ᠢ ᠬᠠᠷᠢᠶ᠎ᠠ ᠲᠣᠭᠤᠷᠢᠭ ᠤᠨ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠲᠠᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠪᠠᠶᠢᠭᠠᠳ | ᠡᠷᠡᠭᠦᠯ ᠮᠡᠨᠳᠦ ᠶᠢᠨ ᠮᠡᠳᠡᠭᠡ ᠵᠠᠩᠭᠢ ᠪᠠᠨ ᠳᠠᠩᠰᠠᠯᠠᠭᠤᠯᠵᠤ | ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ ᠭᠡᠷ | ᠪᠦᠯᠢ ᠶᠢᠨ ᠡᠮᠴᠢ ᠶᠢᠨ ᠦᠢᠯᠡᠴᠢᠯᠡᠭᠡ ᠶᠢᠨ ᠭᠡᠷ᠎ᠡ ᠲᠣᠭᠲᠠᠵᠤ | ᠴᠢᠳᠠᠬᠤ ᠨᠢ ᠠᠯᠢ ᠴᠢᠳᠠᠬᠤ ᠪᠠᠷ ᠭᠡᠷ᠎ᠡ ᠲᠣᠭᠲᠠᠬᠤ ᠶᠢ | ᠤᠷᠢᠶᠠᠯᠠᠵᠤ ᠪᠠᠶᠢᠨ᠎ᠠ ᠃ | ᠥᠨᠳᠥᠷ ᠨᠠᠰᠤᠲᠠᠢ ᠰᠠᠭᠤᠷᠢ ᠡᠪᠡᠳᠴᠢᠨ ᠲᠠᠢ | ᠨᠠᠰᠤᠲᠠᠶᠢᠴᠤᠳ ᠲᠤ ᠲᠥᠷᠥᠯ ᠲᠠᠰ ᠬᠤᠪᠢᠶᠠᠬᠤ ᠦᠢᠯᠡᠴᠢᠯᠡᠭᠡ | ᠬᠠᠩᠭᠠᠨ᠎ᠠ | ᠨᠠᠰᠤᠲᠠᠶᠢᠴᠤᠳ ᠢ ᠭᠤᠷᠪᠠᠨ ᠲᠥᠷᠥᠯ ᠳᠤ ᠬᠤᠪᠢᠶᠠᠨ᠎ᠠ ᠂ | ᠨᠢᠭᠡᠳᠦᠭᠡᠷ ᠲᠥᠷᠥᠯ ᠨᠢ ᠡᠩ ᠤᠨ ᠬᠥᠮᠥᠰ ᠂ ᠳᠠᠷᠤᠢ | ᠲᠦᠭᠰᠢᠭᠦᠷᠢ ᠪᠠᠷ ᠳᠣᠣᠷ᠎ᠠ ᠬᠥᠮᠥᠰ ᠪᠣᠯᠣᠨ᠎ᠠ ᠂ ᠡᠶᠢᠮᠦ | ᠬᠥᠮᠥᠰ ᠲᠤ ᠭᠤᠣᠯᠳᠠᠭᠤ ᠡᠷᠡᠭᠦᠯ ᠮᠡᠨᠳᠦ ᠶᠢᠨ ᠬᠥᠮᠦᠵᠢᠯ ᠢ | ᠴᠢᠩᠭᠠᠳᠬᠠᠵᠤ ᠂ ᠸᠠᠺᠼᠢᠨ ᠤ ᠲᠠᠷᠢᠯᠭ᠎ᠠ ᠬᠢᠭᠰᠡᠨ ᠦᠭᠡᠢ | ᠬᠥᠮᠥᠰ ᠢ ᠴᠠᠭ ᠲᠤᠬᠠᠢ ᠳᠤ ᠨᠢ ᠸᠠᠺᠼᠢᠨ ᠤ ᠲᠠᠷᠢᠯᠭ᠎ᠠ | ᠬᠢᠯᠭᠡᠬᠦ ᠪᠠᠷ ᠳᠠᠶᠢᠴᠢᠯᠠᠬᠤ ᠬᠡᠷᠡᠭᠲᠡᠢ ᠃ ᠬᠤᠶᠠᠳᠤᠭᠠᠷ | ᠲᠥᠷᠥᠯ ᠨᠢ ᠳᠡᠳ᠋ ᠭᠤᠣᠯᠳᠠᠯᠭ᠎ᠠ ᠲᠠᠢ ᠬᠥᠮᠥᠰ ᠪᠣᠯᠣᠨ᠎ᠠ ᠂ | ᠥᠭᠡᠷ᠎ᠡ ᠪᠠᠷ ᠬᠡᠯᠡᠪᠡᠯ ᠵᠣᠬᠢᠬᠤ ᠲᠦᠭᠰᠢᠭᠦᠷᠢ ᠲᠠᠢ ᠬᠥᠮᠥᠰ | ᠪᠣᠯᠣᠨ᠎ᠠ ᠂ ᠡᠨᠡ ᠲᠥᠷᠥᠯ ᠤᠨ ᠬᠥᠮᠥᠰ ᠲᠤ ᠨᠢᠭᠡᠳᠦᠭᠡᠷ ᠳᠡᠰ ᠤᠨ | ᠦᠢᠯᠡᠴᠢᠯᠡᠭᠡᠨ ᠤ ᠰᠠᠭᠤᠷᠢᠨ ᠳᠡᠭᠡᠷ᠎ᠡ ᠭᠡᠷ ᠪᠦᠯᠢ ᠶᠢᠨ | ᠠᠵᠢᠭᠯᠠᠯᠲᠠ ᠬᠢᠬᠦ ᠶᠢ ᠴᠢᠩᠭᠠᠳᠬᠠᠵᠤ ᠂ ᠴᠠᠭ ᠲᠤᠬᠠᠢ ᠳᠤ ᠨᠢ | ᠡᠮ ᠬᠡᠷᠡᠭᠯᠡᠬᠦ ᠵᠢᠯᠣᠭᠤᠳᠤᠯᠭ᠎ᠠ ᠬᠠᠩᠭᠠᠵᠤ ᠂ ᠦᠨᠳᠦᠰᠦᠨ | ᠱᠠᠲᠤᠨ ᠳᠤ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ | ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤ ᠨᠢ | ᠰᠢᠯᠵᠢᠭᠦᠯᠦᠨ ᠡᠮᠨᠡᠭᠦᠯᠬᠦ ᠬᠡᠷᠡᠭᠲᠡᠢ ᠃ ᠭᠤᠷᠪᠠᠳᠤᠭᠠᠷ | ᠲᠥᠷᠥᠯ ᠤᠨ ᠬᠥᠮᠥᠰ ᠪᠣᠯ ᠭᠤᠣᠯᠳᠠᠭᠤ ᠲᠦᠭᠰᠢᠭᠦᠷᠢ ᠪᠠᠷ | ᠨᠡᠯᠢᠶᠡᠳ ᠥᠨᠳᠥᠷ ᠬᠥᠮᠥᠰ ᠪᠣᠯᠣᠨ᠎ᠠ ᠂ ᠨᠠᠰᠤ ᠨᠢ ᠨᠡᠯᠢᠶᠡᠳ | ᠥᠨᠳᠥᠷ ᠂ 80 ᠠᠴᠠ ᠳᠡᠭᠡᠭᠰᠢᠬᠢ ᠂ ᠰᠠᠭᠤᠷᠢ ᠡᠪᠡᠳᠴᠢᠨ ᠲᠠᠢ | ᠪᠥᠭᠡᠳ ᠲᠣᠭᠲᠠᠭᠤᠨ ᠪᠤᠰᠤ ᠂ ᠥᠩᠭᠡᠷᠡᠭᠰᠡᠨ ᠳᠤ ᠪᠠᠰᠠ | ᠳᠠᠷᠬᠠᠯᠠᠭᠠᠵᠢᠭᠤᠯᠤᠯᠲᠠ ᠶᠢᠨ ᠲᠠᠷᠢᠯᠭ᠎ᠠ ᠬᠢᠯᠭᠡᠭᠰᠡᠨ ᠦᠭᠡᠢ | ᠪᠠᠶᠢᠵᠤ ᠮᠡᠳᠡᠨ᠎ᠡ ᠂ ᠡᠶᠢᠮᠦ ᠬᠥᠮᠥᠰ ᠲᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢ ᠣᠯᠵᠤ ᠮᠡᠳᠡᠪᠡᠯ | ᠳᠠᠷᠤᠢ ᠦᠨᠡᠯᠡᠨ ᠵᠢᠱᠢᠯᠲᠡ ᠬᠢᠵᠦ ᠂ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠨ ᠴᠠᠭ ᠲᠤᠬᠠᠢ ᠳᠤ ᠨᠢ | ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠬᠦ ᠬᠡᠷᠡᠭᠲᠡᠢ ᠃ ᠡᠭᠦᠨ ᠤ ᠭᠤᠣᠯᠳᠠᠯᠭ᠎ᠠ ᠨᠢ | ᠡᠷᠡᠭᠦᠯ ᠮᠡᠨᠳᠦ ᠶᠢ ᠪᠠᠲᠤᠯᠠᠨ ᠂ ᠬᠦᠨᠳᠦ ᠡᠪᠡᠳᠴᠢᠨ ᠢ | ᠰᠡᠷᠭᠡᠶᠢᠯᠡᠵᠦ ᠂ ᠠᠳᠠᠯᠢ ᠪᠤᠰᠤ ᠬᠥᠮᠥᠰ ᠲᠤ ᠲᠥᠷᠥᠯ ᠳᠡᠰ | ᠬᠤᠪᠢᠶᠠᠨ ᠦᠢᠯᠡᠴᠢᠯᠡᠭᠡ ᠬᠠᠩᠭᠠᠨ᠎ᠠ ᠃ ᠬᠢᠵᠠᠭᠠᠷᠲᠠᠢ ᠡᠮ | ᠡᠮᠨᠡᠯᠭᠡ ᠶᠢᠨ ᠡᠬᠢ ᠪᠠᠶᠠᠯᠢᠭ ᠢ ᠬᠠᠮᠤᠭ ᠤᠨ | ᠬᠡᠷᠡᠭᠴᠡᠭᠡ ᠲᠠᠢ ᠬᠥᠮᠥᠰ ᠲᠤ ᠬᠦᠷᠭᠡᠵᠦ ᠂ ᠡᠮ ᠡᠮᠨᠡᠯᠭᠡ ᠶᠢᠨ | ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠵᠦ ᠂ ᠡᠮ | ᠡᠮᠨᠡᠯᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ | ᠴᠢᠨᠠᠷ ᠢ ᠳᠡᠭᠡᠭᠰᠢᠯᠡᠭᠦᠯᠦᠨ᠎ᠡ ᠃ ᠣᠳᠣᠬᠠᠨ ᠳᠤ ᠮᠠᠨ ᠤ | ᠤᠯᠤᠰ ᠤᠨ ᠦᠨᠳᠦᠰᠦᠨ ᠱᠠᠲᠤᠨ ᠤ ᠬᠠᠯᠠᠭᠤᠷᠠᠯ ᠤᠨ | ᠡᠮᠴᠢᠯᠡᠭᠡᠨ ᠤ ᠲᠠᠰᠤᠭ ᠤᠨ ᠪᠠᠶᠢᠭᠤᠯᠤᠯᠲᠠ ᠶᠢᠨ ᠶᠠᠮᠠᠷ | ᠪᠠᠶᠢᠳᠠᠯ ᠲᠠᠢ ᠪᠣᠢ︖ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ | ᠪᠥᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠬᠠᠯᠠᠭᠤᠷᠠᠯ ᠤᠨ ᠡᠮᠴᠢᠯᠡᠭᠡᠨ ᠤ ᠲᠠᠰᠤᠭ (ᠡᠭᠦᠳᠡᠨ ᠡᠮᠨᠡᠯᠭᠡ ) | ᠢ ᠨᠡᠶᠢᠲᠡ 1.94 ᠲᠦᠮᠡ ᠪᠠᠶᠢᠭᠤᠯᠵᠤ ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | 45% ᠶᠢ ᠡᠵᠡᠯᠡᠪᠡ ᠃ ᠡᠭᠦᠨ ᠠᠴᠠ ᠭᠠᠳᠠᠨ᠎ᠠ ᠂ ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠬᠤ ᠴᠢᠳᠠᠮᠵᠢ ᠲᠠᠢ | ᠬᠠᠯᠠᠭᠤᠷᠠᠯ ᠤᠨ ᠴᠡᠭ ᠢ 2.2 ᠲᠦᠮᠡ ᠪᠠᠶᠢᠭᠤᠯᠵᠤ ᠂ 52% ᠢ | ᠡᠵᠡᠯᠡᠵᠦ ᠪᠠᠶᠢᠨ᠎ᠠ ᠃ ᠣᠳᠣᠬᠠᠨ ᠳᠤ ᠵᠧᠵᠢᠶᠠᠩ ᠂ ᠱᠠᠨᠳᠦ᠋ᠩ ᠂ | ᠾᠧᠨᠠᠨ ᠂ ᠬᠤᠪᠧᠢ ᠪᠣᠯᠣᠨ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ 5 ᠮᠤᠵᠢ | ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠬᠠᠯᠠᠭᠤᠷᠠᠯ ᠤᠨ | ᠡᠮᠴᠢᠯᠡᠭᠡᠨ ᠤ ᠲᠠᠰᠤᠭ (ᠡᠭᠦᠳᠡᠨ ᠡᠮᠨᠡᠯᠭᠡ )90% ᠠᠴᠠ | ᠳᠡᠭᠡᠭᠰᠢ ᠪᠣᠯᠵᠤ ᠂ ᠪᠤᠰᠤᠳ ᠮᠤᠵᠢ ᠬᠤᠲᠠ ᠠᠴᠠ ᠮᠥᠨ ᠴᠦ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠪᠠᠶᠢᠨ᠎ᠠ ᠃ | ᠵᠠᠷᠢᠮ ᠭᠠᠵᠠᠷ ᠤᠨ ᠦᠨᠳᠦᠰᠦᠨ ᠱᠠᠲᠤᠨ ᠤ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠴᠤ ᠨᠢᠭᠡᠨᠲᠡ | ᠮᠠᠰᠢ ᠰᠠᠶᠢᠨ ᠦᠢᠯᠡᠳᠦᠯ ᠢᠶᠠᠨ ᠪᠠᠳᠠᠷᠠᠭᠤᠯᠬᠤ ᠪᠣᠯᠵᠠᠢ ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ | ᠲᠠᠰᠤᠷᠠᠯᠲᠠ ᠦᠭᠡᠢ ᠰᠢᠯᠢᠳᠡᠭᠵᠢᠨ ᠲᠡᠭᠦᠯᠳᠡᠷᠵᠢᠬᠦ ᠶᠢ | ᠳᠠᠭᠠᠯᠳᠤᠨ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠡᠯ᠎ᠡ ᠭᠠᠵᠠᠷ ᠤᠨ ᠬᠢᠨ ᠢ ᠵᠢᠭᠠᠨ | ᠵᠢᠯᠤᠭᠤᠳᠴᠤ ᠪᠠᠶᠢᠭᠠᠳ ᠬᠠᠯᠠᠭᠤᠷᠠᠯ ᠤᠨ ᠡᠮᠴᠢᠯᠡᠭᠡᠨ ᠤ | ᠲᠠᠰᠤᠭ (ᠡᠭᠦᠳᠡᠨ ᠡᠮᠨᠡᠯᠭᠡ )ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ | ᠬᠠᠯᠠᠭᠤᠷᠠᠯ ᠤᠨ ᠴᠡᠭ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠂ ᠤᠭᠰᠠᠷᠠᠮᠠᠯ ᠪᠠᠶᠢᠰᠢᠩ ᠬᠤᠳᠠᠯᠳᠤᠨ ᠠᠪᠬᠤ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ | ᠂ ᠬᠠᠯᠠᠭᠤᠷᠠᠯ ᠤᠨ ᠡᠮᠴᠢᠯᠡᠭᠡᠨ ᠤ ᠲᠠᠰᠤᠭ (ᠡᠭᠦᠳᠡᠨ | ᠡᠮᠨᠡᠯᠭᠡ )ᠤᠨ ᠲᠣᠬᠢᠷᠠᠭᠤᠯᠤᠨ ᠪᠠᠶᠢᠭᠤᠯᠬᠤ ᠨᠣᠷᠮ᠎ᠠ ᠶᠢ | ᠲᠦᠷᠭᠡᠳᠬᠡᠨ ᠳᠡᠭᠡᠭᠰᠢᠯᠡᠭᠦᠯᠵᠦ ᠪᠠᠶᠢᠨ᠎ᠠ ᠃ ᠦᠨᠡᠨ ᠳᠤ ᠪᠠᠨ | ᠬᠠᠯᠠᠭᠤᠷᠠᠯ ᠤᠨ ᠡᠮᠴᠢᠯᠡᠭᠡᠨ ᠤ ᠲᠠᠰᠤᠭ (ᠡᠭᠦᠳᠡᠨ ᠡᠮᠨᠡᠯᠭᠡ ) | ᠣᠨᠴᠠᠭᠠᠶᠢᠯᠠᠨ ᠦᠨᠳᠦᠰᠦᠨ ᠱᠠᠲᠤᠨ ᠤ ᠬᠠᠯᠠᠭᠤᠷᠠᠯ ᠤᠨ | ᠡᠮᠴᠢᠯᠡᠭᠡᠨ ᠤ ᠲᠠᠰᠤᠭ (ᠡᠭᠦᠳᠡᠨ ᠡᠮᠨᠡᠯᠭᠡ )ᠨᠢ ᠲᠡᠶᠢᠮᠦ | ᠪᠤᠳᠤᠯᠢᠶᠠᠨᠲᠠᠢ ᠪᠢᠰᠢ ᠂ ᠵᠠᠷᠢᠮ ᠭᠠᠵᠠᠷ ᠤᠨ ᠬᠢᠨ ᠨᠢᠭᠡ | ᠬᠤᠶᠠᠷ ᠲᠠᠰᠤᠯᠭ᠎ᠠ ᠤᠭᠰᠠᠷᠠᠮᠠᠯ ᠪᠠᠶᠢᠰᠢᠩ ᠢ | ᠬᠠᠷᠢᠴᠠᠩᠭᠤᠢ ᠪᠠᠷ ᠲᠤᠰᠠᠭᠠᠷ ᠣᠷᠣᠨ ᠵᠠᠢ ᠳᠤ | ᠲᠣᠬᠢᠷᠠᠭᠤᠯᠤᠭᠰᠠᠨ ᠪᠠᠶᠢᠳᠠᠭ ᠃ ᠭᠡᠪᠡᠴᠦ ᠨᠥᠬᠦᠴᠡᠯ ᠲᠠᠢ | ᠭᠠᠵᠠᠷ ᠣᠷᠣᠨ ᠤ ᠬᠢᠨ ᠬᠠᠰᠢ ᠯᠡ ᠪᠠᠷᠢᠮᠵᠢᠶ᠎ᠠ ᠶᠣᠰᠣᠭᠠᠷ | ᠪᠠᠶᠢᠭᠤᠯᠪᠠᠯ ᠬᠠᠮᠤᠭ ᠤᠨ ᠰᠠᠶᠢᠨ ᠶᠤᠮ ᠃ ᠡᠶᠢᠮᠦ ᠠᠴᠠ ᠪᠢᠳᠡ | 2023 ᠣᠨ ᠤ 3 ᠰᠠᠷ᠎ᠠ ᠶᠢᠨ ᠰᠡᠭᠦᠯᠴᠢ ᠪᠠᠷ ᠂ ᠡᠯ᠎ᠡ ᠭᠠᠵᠠᠷ ᠤᠨ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ ᠡᠮᠴᠢᠯᠡᠭᠡᠨ ᠤ ᠲᠠᠰᠤᠭ | (ᠡᠭᠦᠳᠡᠨ ᠡᠮᠨᠡᠯᠭᠡ )ᠤᠨ ᠪᠠᠶᠢᠭᠤᠯᠤᠯᠲᠠ ᠶᠢ 90% ᠳᠤ | ᠬᠦᠷᠭᠡᠬᠦ ᠬᠡᠷᠡᠭᠲᠡᠢ ᠭᠡᠵᠦ ᠳᠤᠷᠠᠳᠪᠠ ᠃ ᠦᠨᠡᠨ ᠳᠤ ᠪᠠᠨ ᠣᠷᠣᠨ | ᠨᠤᠲᠤᠭ ᠤᠨ ᠵᠠᠰᠠᠭ ᠤᠨ ᠣᠷᠳᠣᠨ ᠠᠴᠠ ᠴᠢᠬᠤᠯᠠᠴᠢᠯᠠᠨ ᠦᠵᠡᠳᠡᠭ | ᠯᠡ ᠶᠤᠮ ᠪᠣᠯ ᠡᠨᠡ ᠬᠦ ᠬᠠᠷᠠᠯᠲᠠ ᠶᠢ ᠪᠡᠶᠡᠯᠡᠭᠦᠯᠵᠦ ᠪᠣᠯᠬᠤ | ᠶᠤᠮ ᠂ ᠡᠨᠡ ᠨᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠵᠤ | ᠪᠠᠶᠢᠭ᠎ᠠ ᠡᠪᠡᠳᠴᠢᠲᠡᠨ ᠢ ᠭᠥᠯᠢᠶᠡᠨ ᠠᠪᠴᠤ ᠡᠮᠨᠡᠨ ᠵᠠᠰᠠᠬᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ | ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠥᠮᠥᠨ ᠤ ᠬᠦᠴᠦᠨ | ᠬᠦᠷᠦᠯᠴᠡᠬᠦ ᠦᠭᠡᠢ ᠪᠠᠶᠢᠪᠠᠯ ᠶᠠᠭᠠᠬᠢᠬᠤ ᠪᠤᠢ︖ | ᠬᠥᠮᠥᠨ ᠤ ᠬᠦᠴᠦᠨ ᠢ ᠣᠬᠤᠷᠬᠠᠨ ᠬᠤᠭᠤᠴᠠᠭᠠᠨ ᠤ ᠳᠣᠲᠣᠷ᠎ᠠ | ᠬᠥᠮᠥᠵᠢᠭᠦᠯᠬᠦ ᠳᠤ ᠨᠡᠯᠢᠶᠡᠳ ᠬᠦᠴᠢᠷᠲᠡᠢ ᠶᠤᠮ ᠂ ᠣᠬᠤᠷᠬᠠᠨ | ᠬᠤᠭᠤᠴᠠᠭᠠᠨ ᠤ ᠳᠣᠲᠣᠷ᠎ᠠ ᠬᠤᠶᠠᠳᠤᠭᠠᠷ ᠭᠤᠷᠪᠠᠳᠤᠭᠠᠷ | ᠳᠡᠰ ᠤᠨ ᠡᠮᠨᠡᠯᠭᠡ ᠶᠢᠨ ᠬᠤᠷᠢᠶ᠎ᠠ ᠠᠴᠠ ᠬᠥᠮᠥᠨ ᠲᠣᠮᠢᠯᠠᠨ | ᠳᠣᠷᠣᠭᠰᠢ ᠪᠠᠭᠤᠯᠭᠠᠬᠤ ᠪᠠᠷ ᠳᠠᠮᠵᠢᠭᠤᠯᠤᠨ ᠂ ᠦᠨᠳᠦᠰᠦᠨ | ᠱᠠᠲᠤ ᠶᠢ ᠳᠡᠮᠵᠢᠵᠦ ᠪᠣᠯᠣᠨ᠎ᠠ ᠂ ᠪᠠᠰᠠ ᠣᠶᠢᠷ᠎ᠠ ᠶᠢᠨ ᠲᠠᠪᠤᠨ | ᠵᠢᠯ ᠤᠨ ᠲᠤᠷᠰᠢ ᠨᠢᠭᠡᠨᠲᠡ ᠠᠵᠢᠯ ᠠᠴᠠ ᠪᠠᠨ ᠪᠠᠭᠤᠵᠤ | ᠠᠮᠠᠷᠠᠭᠰᠠᠨ ᠡᠮᠨᠡᠯᠭᠡ ᠶᠢᠨ ᠠᠵᠢᠯᠲᠠᠳ ᠢ ᠤᠷᠢᠵᠤ ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠠᠵᠢᠯᠯᠠᠭᠤᠯᠵᠤ ᠪᠣᠯᠣᠨ᠎ᠠ ᠃ ᠪᠠᠰᠠ ᠵᠠᠷᠢᠮ | ᠪᠤᠰᠤᠳ ᠠᠵᠢᠯ ᠤᠨ ᠪᠠᠶᠢᠷᠢᠨ ᠳᠤ ᠪᠠᠶᠢᠭ᠎ᠠ ᠡᠮ ᠡᠮᠨᠡᠯᠭᠡ | ᠡᠷᠡᠭᠦᠯ ᠬᠠᠮᠠᠭᠠᠯᠠᠯ ᠤᠨ ᠠᠵᠢᠯᠲᠠᠨ ᠢ ᠴᠥᠮ ᠦᠨᠳᠦᠰᠦᠨ | ᠱᠠᠲᠤᠨ ᠤ ᠪᠠᠶᠢᠭᠤᠯᠤᠮᠵᠢ ᠳᠤ ᠡᠯᠰᠡᠨ ᠠᠪᠴᠢᠷᠠᠵᠤ ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠳᠠᠷᠤᠭᠠᠰᠤ ᠶᠢ ᠨᠢ ᠬᠥᠩᠭᠡᠯᠡᠵᠦ | ᠪᠣᠯᠣᠨ᠎ᠠ ᠃ ᠡᠭᠦᠨ ᠤ ᠬᠠᠮᠲᠤ ᠂ ᠭᠡᠷ ᠪᠦᠯᠢ ᠶᠢᠨ ᠡᠮᠴᠢ ᠶᠢᠨ | ᠦᠢᠯᠡᠳᠦᠯ ᠢ ᠦᠨᠡᠨ ᠬᠦ ᠪᠠᠳᠠᠷᠠᠭᠤᠯᠵᠤ ᠂ ᠭᠤᠣᠯᠳᠠᠯᠭ᠎ᠠ ᠲᠠᠢ | ᠬᠥᠮᠥᠰ ᠤᠨ ᠭᠡᠷᠡᠲᠦ ᠦᠢᠯᠡᠴᠢᠯᠡᠭᠡ ᠲᠣᠭᠲᠠᠬᠤ ᠶᠢ ᠠᠬᠢᠭᠤᠯᠤᠨ | ᠂ ᠪᠦᠬᠦᠨ ᠢ ᠬᠠᠮᠤᠷᠤᠭᠤᠯᠬᠤ ᠪᠠᠷ ᠴᠢᠷᠮᠠᠶᠢᠵᠤ ᠂ | ᠬᠡᠷᠡᠭᠴᠡᠭᠡ ᠲᠠᠢ ᠦᠶ᠎ᠡ ᠳᠤ ᠭᠡᠷ ᠪᠦᠯᠢ ᠶᠢᠨ ᠡᠮᠴᠢ ᠲᠠᠢ | ᠬᠠᠷᠢᠯᠴᠠᠬᠤ ᠪᠣᠯᠬᠤ ᠶᠢ ᠪᠠᠲᠤᠯᠠᠬᠤ ᠬᠡᠷᠡᠭᠲᠡᠢ ᠃ | ᠡᠭᠦᠨ ᠠᠴᠠ ᠭᠠᠳᠠᠨ᠎ᠠ ᠂ ᠡᠮ ᠡᠮᠨᠡᠯᠭᠡ ᠶᠢᠨ ᠬᠤᠯᠪᠣᠭᠠᠲᠤ | ᠴᠣᠭᠴᠠ ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ | ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ ᠃ | ᠢᠯᠠᠩᠭᠤᠶ᠎ᠠ ᠳᠠᠭᠠᠭᠤᠯᠤᠭᠴᠢ ᠡᠮᠨᠡᠯᠭᠡ ᠶᠢᠨ ᠬᠤᠷᠢᠶ᠎ᠠ ᠶᠢᠨ | ᠦᠢᠯᠡᠳᠦᠯ ᠢ ᠪᠠᠳᠠᠷᠠᠭᠤᠯᠵᠤ ᠂ ᠪᠦᠷᠢᠯᠳᠦᠭᠦᠨ ᠨᠢᠭᠡᠴᠢ ᠶᠢᠨ | ᠬᠠᠯᠠᠭᠤᠷᠠᠯ ᠤᠨ ᠡᠭᠦᠳᠡᠨ ᠡᠮᠨᠡᠯᠭᠡ ᠶᠢᠨ ᠪᠦᠲᠦᠭᠡᠨ | ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠳᠤ | ᠵᠢᠯᠣᠭᠤᠳᠤᠯᠭ᠎ᠠ ᠦᠵᠡᠭᠦᠯᠬᠦ ᠶᠢ ᠴᠢᠩᠭᠠᠳᠬᠠᠬᠤ ᠬᠡᠷᠡᠭᠲᠡᠢ ᠃ | ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠣᠲᠣᠭᠠᠳᠤ | ᠳᠠᠬᠢ ᠠᠵᠢᠯᠲᠠᠨ ᠤ ᠲᠣᠬᠢᠷᠠᠭᠤᠯᠤᠯᠲᠠ ᠶᠢ ᠨᠢᠭᠡᠳᠦᠯᠲᠡᠢ | ᠲᠥᠯᠥᠪᠯᠡᠵᠦ ᠂ ᠬᠤᠣᠰ ᠴᠢᠭᠯᠡᠯ ᠢᠶᠠᠷ ᠰᠢᠯᠵᠢᠭᠦᠯᠦᠨ | ᠡᠮᠨᠡᠭᠦᠯᠬᠦ ᠵᠠᠮ ᠢ ᠰᠠᠭᠠᠳ ᠦᠭᠡᠢ ᠨᠠᠪᠲᠠᠷᠡᠭᠦᠯᠵᠦ ᠂ | ᠦᠨᠳᠦᠰᠦᠨ ᠱᠠᠲᠤᠨ ᠳᠤ ᠦᠵᠡᠭᠦᠯᠬᠦ ᠮᠡᠷᠭᠡᠵᠢᠯ ᠤᠨ ᠳᠡᠮᠵᠢᠯᠭᠡ | ᠂ ᠪᠣᠯᠪᠠᠰᠤᠷᠠᠭᠤᠯᠤᠯ ᠢ ᠴᠢᠩᠭᠠᠳᠬᠠᠨ ᠂ | ᠵᠢᠯᠣᠭᠤᠳᠤᠯᠭ᠎ᠠ ᠪᠠᠨ ᠴᠢᠩᠭᠠᠳᠬᠠᠬᠤ ᠶᠢᠨ ᠬᠠᠮᠲᠤ ᠶᠠᠰᠤ | ᠴᠢᠨᠠᠷ ᠤᠨ ᠡᠵᠡᠮᠳᠡᠯ ᠢ ᠴᠢᠩᠭᠠᠳᠬᠠᠬᠤ ᠬᠡᠷᠡᠭᠲᠡᠢ ᠃ | | | | |