ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ  ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/2/17

  

        2022 ᠣᠨ ᠤ 2 ᠰᠠᠷ᠎ᠠ ᠶᠢᠨ 15 ᠤ ᠡᠳᠦᠷ ᠤᠨ 23 ᠴᠠᠭ ᠠᠴᠠ 16 ᠤ ᠡᠳᠦᠷ ᠤᠨ 3 ᠴᠠᠭ ᠪᠣᠯᠲᠠᠯ᠎ᠠ᠂ ᠬᠥᠬᠡᠬᠤᠲᠠ ᠶᠢᠨ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠳᠤ 3 ᠠᠷᠭ᠎ᠠ ᠴᠢᠨᠠᠷᠲᠠᠢ ᠡᠪᠡᠳᠴᠢᠳᠠᠨ ᠢ ᠢᠯᠡᠷᠡᠭᠦᠯᠪᠡ᠃ ᠮᠠᠨ ᠤ ᠬᠤᠰᠢᠭᠤᠨ ᠤ

ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ

ᠢᠯᠡᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠤᠬᠡ ᠬᠤᠯᠪᠣᠭᠳᠠᠯ ᠪᠦᠭᠦᠢ ᠤᠴᠢᠷ ᠢ ᠵᠠᠷᠯᠠᠶ᠎ᠠ᠄

        ᠨᠢᠭᠡ᠂ 2022 ᠣᠨ ᠤ 1 ᠰᠠᠷ᠎ᠠ ᠶᠢᠨ 27 ᠤ ᠡᠳᠦᠷ ᠠᠴᠠ ᠨᠠᠰᠢ᠂ ᠬᠥᠬᠡᠬᠤᠲᠠ  ᠳᠤ ᠵᠢᠭᠤᠯᠴᠢᠯᠠᠨ ᠰᠠᠭᠤᠬᠰᠠᠨ ᠲᠡᠤᠬᠡ ᠲᠠᠢ ᠰᠠᠭᠤᠭᠠᠯᠢ ᠠᠷᠠᠳ᠂

ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠪᠤᠶᠤ

ᠪᠠᠭᠤᠳᠠᠯ ᠳᠤ ᠳᠠᠷᠦ᠋ᠢᠬᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ

ᠬᠠᠮᠵᠢᠯᠴᠠᠨ ᠨᠠᠶᠢᠳᠠᠪᠤᠷᠢᠵᠢᠭᠤᠯᠬᠤ  ᠬᠡᠷᠡᠭᠳᠠᠢ᠃

        ᠬᠤᠶᠠᠷ᠂ 2022 ᠣᠨ ᠤ 1 ᠰᠠᠷ᠎ᠠ ᠶᠢᠨ 27 ᠤ ᠡᠳᠦᠷ ᠠᠴᠠ ᠨᠠᠰᠢ᠂ ᠬᠥᠬᠡᠬᠤᠲᠠ ᠠᠴᠠ ᠤᠷᠠᠳ ᠤᠨ ᠬᠤᠶᠢᠲᠤ ᠬᠤᠰᠢᠭᠤᠨ ᠳᠤ ᠢᠷᠡᠵᠤ

ᠪᠤᠴᠠᠬᠰᠠᠳ ᠳᠠᠷᠦ᠋ᠢᠬᠠᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ 《 ᠨᠦᠬᠦᠵᠤ ᠬᠦᠢᠴᠡᠬᠡᠬᠦ》ᠵᠠᠷᠴᠢᠮ ᠶᠤᠰᠤᠭᠠᠷ᠂ 14

ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ︵ᠬᠥᠬᠡᠬᠤᠲᠠ ᠠᠴᠠ ᠰᠠᠯᠤᠭᠰᠠᠨ ᠴᠠᠭ  ᠠᠴᠠ ᠡᠬᠢᠯᠠᠨ ᠪᠤᠳᠤᠨ᠎ᠠ︶ ᠬᠢᠵᠦ᠂ ᠪᠥᠭᠡᠮ ᠬᠦᠴᠢᠯ ᠤᠨ ᠪᠠᠶᠢᠴᠠᠭᠠᠨ

ᠬᠡᠮᠵᠢᠯᠲᠡ ᠶᠢᠨ ᠦᠷ᠎ᠡ ᠳ᠋ᠦᠩ  ᠭᠠᠷᠬᠤ ᠠᠴᠠ ᠡᠮᠦᠨ᠎ᠡ᠂ ᠲᠦᠷ ᠴᠠᠭ ᠬᠡᠷ ᠲᠡᠭᠡᠨ ᠰᠠᠭᠤᠵᠤ ᠭᠠᠳᠠᠭᠰᠢ ᠭᠠᠷᠬᠤ ᠥᠬᠡᠶ᠂ ᠡᠷᠡᠭᠦᠯ ᠮᠡᠨᠳᠦ ᠶᠢᠨ ᠬᠢᠨᠠᠨ

ᠬᠡᠮᠵᠢᠯᠲᠡ ᠶᠢᠨ ᠬᠤᠭᠤᠴᠠᠭᠠᠨ ᠳᠤ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ  ᠲᠤ  ᠬᠦᠷᠴᠦ  ᠪᠣᠯᠬᠤ  ᠥᠬᠡᠶ᠃

        ᠭᠤᠷᠪᠠ᠂ 2022 ᠣᠨ ᠤ 1 ᠰᠠᠷ᠎ᠠ ᠶᠢᠨ 27 ᠤ ᠡᠳᠦᠷ ᠠᠴᠠ ᠨᠠᠰᠢ᠂ ᠬᠥᠬᠡᠬᠤᠲᠠ ᠶᠢᠨ ᠬᠥᠮᠦᠰ ᠲᠠᠢ ᠠᠭᠤᠯᠵᠠᠵᠤ ᠥᠩᠭᠡᠷᠡᠭᠰᠡᠨ ᠬᠥᠮᠦᠨ ᠪᠦᠬᠦᠨ

ᠰᠠᠨᠠᠭᠠᠴᠢᠯᠠᠭ᠎ᠠ ᠠᠴᠠ ᠪᠠᠨ ᠮᠠᠨ ᠤ ᠬᠤᠰᠢᠭᠤᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠲᠤ ᠬᠦᠷᠴᠦ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ

ᠬᠡᠮᠵᠢᠯᠲᠡ ᠬᠢᠵᠦ ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ  ᠭᠠᠷᠬᠤ ᠠᠴᠠ ᠡᠮᠦᠨ᠎ᠡ᠂ ᠲᠦᠷ ᠴᠠᠭ ᠬᠡᠷ ᠠᠴᠠ ᠪᠠᠨ ᠭᠠᠳᠠᠭᠰᠢ ᠭᠠᠷᠬᠤ

ᠥᠬᠡᠶ᠃

        ᠲᠦᠷᠪᠡ᠂ ᠥᠷᠭᠡᠨ ᠤᠯᠠᠨ ᠰᠠᠭᠤᠭᠠᠯᠢ ᠠᠷᠠᠳ ᠴᠢᠬᠤᠯᠨ ᠦᠭᠡᠢ ᠪᠤᠯ ᠳᠤᠮᠳᠠ ᠦᠨᠳᠤᠷ ᠲᠦᠭᠰᠢᠭᠦᠷᠢ ᠶᠡᠬᠡᠲᠡᠶ ᠭᠠᠵᠠᠷ ᠣᠷᠣᠨ ᠪᠠ ᠲᠤᠰ ᠭᠠᠵᠠᠷ

ᠣᠷᠣᠨ ᠤ ᠪᠠᠨ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠳᠤ ᠣᠴᠢᠬᠤ ᠦᠬᠡᠢ ᠪᠠᠶᠢᠬᠤ ᠶᠢ ᠰᠠᠨᠠᠭᠤᠯᠤᠶ᠎ᠠ᠃ ᠬᠥᠬᠡᠬᠤᠲᠠ ᠳᠤ ᠬᠠᠰᠢᠬᠳᠠᠬᠰᠠᠨ

ᠤᠷᠠᠳ ᠤᠨ ᠬᠤᠶᠢᠲᠤ ᠬᠤᠰᠢᠭᠤᠨ ᠳᠤ ᠨᠤᠲᠤᠭ ᠲᠠᠢ ᠠᠶᠠᠨᠴᠢᠳ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠵᠢᠷᠤᠮᠯᠠᠨ᠂ ᠬᠤᠪᠢ

ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃

        ᠲᠠᠪᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂

ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠨᠢ 1 ᠰᠠᠷ᠎ᠠ ᠶᠢᠨ 27 ᠤ ᠡᠳᠦᠷ ᠠᠴᠠ ᠨᠠᠰᠢᠬᠢ ᠬᠥᠬᠡᠬᠤᠲᠠ ᠠᠴᠠ ᠢᠷᠡᠵᠤ ᠪᠤᠴᠠᠬᠰᠠᠳ ᠢ ᠪᠥᠬᠦ

ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠬᠤ ᠶᠢᠨ ᠬᠠᠮᠲᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃

         ᠵᠢᠷᠭᠤᠭ᠎ᠠ᠂ ᠣᠯᠠᠨ ᠨᠡᠶᠢᠲᠡ ᠶᠢᠨ ᠲᠠᠯᠠᠪᠤᠷ ︵ᠪᠠᠭᠤᠳᠠᠯ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠴᠤᠭᠯᠠᠭ᠎ᠠ ᠮᠠᠶᠢᠮᠠᠶ ᠶᠢᠨ

ᠵᠠᠬ᠎ᠠ ᠳᠡᠯᠭᠡᠭᠦᠷ᠂ ᠡᠮ ᠤᠨ ᠳᠡᠯᠭᠡᠭᠦᠷ︶ ᠵᠡᠷᠭᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠬᠠᠮᠢᠶᠠᠷᠤᠨ ᠡᠵᠡᠮᠳᠡᠬᠦ ᠪᠠᠨ

ᠴᠢᠩᠭᠠᠳᠬᠠᠵᠤ᠂ ᠬᠥᠮᠦᠨ ᠴᠤᠭᠯᠠᠷᠠᠬᠤ ᠶᠢ ᠰᠡᠷᠭᠡᠶᠢᠯᠡᠨ᠂ ᠣᠷᠣᠬᠤ ᠭᠠᠵᠠᠷ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋

︶ ᠢ ᠪᠠᠶᠢᠴᠠᠭᠠᠨ ᠰᠢᠯᠭᠠᠬᠤ᠂ ᠠᠮᠠᠪᠴᠢ ᠶᠢᠨ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ

ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠶ ᠪᠠᠷ ᠰᠠᠶᠢᠲᠤᠷ ᠬᠢᠬᠦ ᠬᠡᠷᠡᠭᠲᠡᠶ᠃

        ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠪᠠᠷ ᠬᠠᠮᠵᠢᠯᠴᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ

ᠬᠦᠰᠡᠵᠦ ᠪᠠᠶᠢᠨ᠎ᠠ᠃ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠪᠠ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠬᠤ ᠦᠵᠡᠯ ᠤᠬᠠᠮᠰᠠᠷ ᠢ

ᠴᠢᠩᠭᠠᠷᠠᠭᠤᠯᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠪᠦᠬᠡᠮᠨᠡᠷᠡᠬᠦ ᠦᠭᠡᠢ᠂ ᠴᠤᠬᠯᠠᠷᠠᠬᠤ ᠥᠬᠡᠶ ᠵᠡᠷᠭᠡ ᠰᠠᠶᠢᠨ ᠰᠠᠶᠢᠬᠠᠨ ᠠᠮᠢᠳᠤᠷᠠᠯ ᠤᠨ

ᠳᠠᠳᠬᠠᠯ ᠢ ᠪᠠᠷᠢᠮᠲᠠᠯᠠᠨ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠡᠷᠪᠡ ᠬᠠᠯᠠᠭᠤᠷᠠᠬᠤ᠂

ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂

ᠥᠪᠡᠷᠲᠡᠭᠡᠨ ᠡᠮ ᠤᠤᠭᠤᠵᠤ ᠪᠣᠯᠬᠤ ᠦᠭᠡᠢ᠂ ᠠᠮᠠᠪᠴᠢ ᠵᠡᠭᠦᠵᠦ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠲᠦᠷᠭᠡᠨ

ᠣᠴᠢᠵᠤ ᠡᠮᠨᠡᠭᠦᠯᠬᠦ ᠪᠤᠶᠤ ᠵᠢᠭᠰᠠᠭᠠᠨ ᠪᠠᠶᠢᠴᠠᠭᠠᠵᠤ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ

ᠵᠠᠶᠢᠯᠠᠰᠬᠢᠬᠦ ᠶᠢᠨ ᠬᠠᠮᠲᠤ ᠵᠤᠭᠠᠴᠠᠨ ᠰᠠᠭᠤᠭᠰᠠᠨ ᠲᠡᠦᠬᠡ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃

          ᠨᠡᠢᠮᠨ᠂ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠣᠶ

ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ

ᠰᠢᠢᠳᠬᠡᠵᠤ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

          ᠶᠢᠰᠦ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠬᠥᠬᠡᠬᠤᠲᠠ ᠠᠴᠠ ᠤᠷᠠᠳ ᠤᠨ ᠬᠤᠶᠢᠲᠤ ᠬᠤᠰᠢᠭᠤᠨ ᠳᠤ ᠢᠷᠡᠵᠤ

ᠪᠤᠴᠠᠬᠰᠠᠳ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃

   

                       

                         ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ

                                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 

            

                                         2022 ᠣᠨ ᠤ 2 ᠰᠠᠷ᠎ᠠ ᠶᠢᠨ 16

ᠢᠷᠡᠯᠲᠡ᠄ ᠲᠤᠰ ᠰᠦᠯᠵᠢᠶ᠎ᠠ